ᠪᠣᠣ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/7/4
      ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠤᠳᠠ ᠶᠢᠨ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠰᠢᠰᠲ᠋ᠧᠮᠲᠦ ᠴᠢᠨᠠᠷ ᠢ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠲᠤᠪᠤᠶᠢᠯᠭᠠᠵᠦ᠂ ᠴᠢᠳᠠᠮᠵᠢᠲᠤ ᠴᠢᠨᠠᠷ ᠢ ᠴᠢᠬᠤᠯᠠᠴᠢᠯᠠᠵᠤ᠂ ᠦᠷᠭᠦᠯᠵᠢᠯᠡᠬᠦ ᠴᠢᠨᠠᠷ ᠢ ᠪᠠᠲᠤᠯᠠᠬᠤ ᠬᠡᠷᠡᠭᠲᠡᠢ᠃ ︽ᠲᠠᠪᠤᠨ ᠲᠣᠬᠢᠷᠠᠮᠵᠢᠲᠠᠢ ᠬᠤᠲᠠ︾ ᠶᠢ ᠪᠦᠲᠦᠭᠡᠨ ᠪᠠᠶᠢᠭᠤᠯᠬᠤ ᠪᠠᠷ ᠭᠤᠣᠯᠯᠠᠭᠤᠯᠤᠨ᠂ ᠬᠤᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠳᠦᠷᠰᠦ ᠪᠠᠶᠢᠳᠠᠯ ᠢ ᠰᠢᠨᠡᠳᠬᠡᠵᠦ᠂ ᠬᠤᠲᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠠᠭᠤᠷᠢ ᠲᠥᠬᠦᠭᠡᠷᠦᠮᠵᠢ ᠨᠡᠩ ᠲᠡᠭᠦᠯᠳᠡᠷᠵᠢᠭᠰᠡᠨ᠂ ᠠᠮᠢ ᠠᠬᠤᠢ ᠣᠷᠴᠢᠨ ᠲᠣᠭᠤᠷᠢᠨ ᠨᠡᠩ ᠭᠤᠶᠢᠳᠠ ᠰᠠᠶᠢᠬᠠᠨ᠂ ᠤᠯᠠᠨ ᠨᠡᠶᠢᠲᠡ ᠶᠢᠨ ᠦᠢᠯᠡᠴᠢᠯᠡᠭᠡ ᠨᠡᠩ ᠪᠦᠷᠢᠨ ᠭᠦᠢᠴᠡᠳ᠂ ᠠᠷᠠᠳ ᠤᠯᠠᠨ ᠨᠡᠩ ᠬᠠᠨᠤᠮᠵᠢᠲᠠᠢ ᠪᠣᠯᠤᠭᠰᠠᠨ ᠣᠷᠣᠨ ᠤ ᠲᠥᠪ ᠬᠤᠳᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠢ ᠬᠦᠴᠦᠲᠡᠢ ᠴᠡᠭᠴᠡᠯᠡᠨ ᠵᠠᠰᠠᠵᠤ᠂ ᠬᠡᠷᠡᠮ ᠢ ᠨᠤᠷᠠᠭᠠᠨ ᠨᠣᠭᠤᠭᠠᠷᠠᠭᠤᠯᠵᠤ᠂ ᠪᠠᠶᠢᠭᠠᠯᠢ ᠳᠤ ᠣᠶᠢᠷᠠᠲᠤᠭᠤᠯᠵᠤ᠂ ᠵᠡᠭᠡᠯᠢ ᠳᠠᠭᠠᠤ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢ ᠲᠦᠷᠭᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠦᠢᠯᠡᠴᠢᠯᠡᠭᠡᠨ ᠤ ᠴᠢᠳᠠᠮᠵᠢ ᠪᠠ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠢᠨᠬᠤᠸᠠ ᠶᠡᠭᠡ ᠵᠡᠭᠡᠯᠢ᠂ ᠪᠧᠢ ᠶᠤᠸᠠᠨ ᠵᠡᠭᠡᠯᠢ ᠵᠡᠷᠭᠡ ᠬᠤᠳᠠ ᠶᠢᠨ ᠭᠤᠣᠯ ᠵᠠᠮ ᠤᠨ ᠲᠦᠷᠭᠡᠨ ᠨᠡᠪᠲᠡᠷᠡᠬᠦ ᠴᠢᠳᠠᠪᠤᠷᠢ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠬᠤᠳᠠ ᠶᠢᠨ ᠠᠷᠠᠳ ᠤᠨ ᠶᠠᠪᠤᠵᠤ ᠰᠠᠭᠤᠬᠤ ᠳᠤ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠬᠤᠳᠠ ᠶᠢᠨ ᠲᠦᠷᠪᠡᠨ ᠲᠣᠭᠤᠷᠢᠭ ᠤᠨ ᠬᠢᠨ ᠲᠤᠰ ᠲᠤᠰ ᠤᠨ ᠢᠶᠠᠨ ᠲᠡᠦᠬᠡ ᠰᠣᠶᠣᠯ ᠤᠨ ᠠᠭᠤᠯᠤᠭᠳᠠᠬᠤᠨ ᠢ ᠴᠢᠳᠠᠮᠠᠭᠠᠢ ᠪᠠᠷ ᠠᠭᠤᠳᠠᠯᠬᠤ ᠶᠢᠨ ᠬᠠᠮᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠣᠶᠣᠯ ᠢᠶᠠᠷ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ᠂ ᠬᠤᠳᠠ ᠶᠢᠨ ᠠᠷᠠᠳ ᠲᠤ ᠨᠡᠩ ᠤᠯᠠᠨ ᠨᠡᠩ ᠰᠠᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠵᠡᠷᠭᠡ ᠬᠤᠳᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠪᠣᠯᠣᠨ ᠬᠠᠤᠯᠢ ᠲᠣᠭᠲᠠᠭᠠᠵᠤ ᠬᠠᠮᠠᠭᠠᠯᠠᠬᠤ ᠠᠵᠢᠯ ᠢ ᠲᠦᠷᠭᠡᠳᠬᠡᠵᠦ᠂ ᠬᠤᠳᠠ ᠶᠢᠨ ᠠᠷᠠᠳ ᠴᠣᠩᠬᠤ ᠪᠠᠨ ᠨᠡᠭᠡᠭᠡᠪᠡᠯ ᠦᠵᠡᠮᠵᠢ ᠶᠢ ᠣᠯᠵᠤ ᠬᠠᠷᠠᠬᠤ᠂ ᠡᠭᠦᠳᠡ ᠪᠠᠨ ᠨᠡᠭᠡᠭᠡᠪᠡᠯ ᠨᠣᠮᠢᠨ ᠨᠣᠭᠤᠭᠠᠨ ᠲᠠᠢ ᠵᠣᠯᠭᠠᠬᠤ᠂ ᠡᠭᠦᠳᠡ ᠠᠴᠠ ᠪᠠᠨ ᠭᠠᠷᠪᠠᠯ ᠴᠡᠴᠡᠷᠯᠢᠭ ᠲᠤ ᠣᠷᠣᠬᠤ ᠪᠣᠯᠭᠠᠬᠤ ᠪᠠᠷ ᠴᠢᠷᠮᠠᠶᠢᠵᠤ᠂ ᠬᠤᠳᠠ ᠶᠢ ᠨᠡᠩ ᠥᠩᠭᠡ ᠵᠢᠰᠦ ᠲᠠᠢ᠂ ᠨᠡᠩ ᠰᠦᠷ ᠵᠢᠪᠬᠤᠭ᠎ᠠ ᠲᠠᠢ᠂ ᠨᠡᠩ ᠠᠭᠤᠯᠤᠭᠳᠠᠬᠤᠨ ᠲᠠᠢ᠂ ᠨᠡᠩ ᠴᠢᠨᠠᠷ ᠴᠢᠨᠰᠠᠭ᠎ᠠ ᠲᠠᠢ ᠪᠣᠯᠭᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠯᠢᠦ ᠵᠢᠢ ᠶᠢᠩ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ