ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/4
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 7 ᠳ᠋ᠤᠭᠠᠷ ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠤ᠂ ᠮᠠᠨ ᠤ ᠬᠤᠲᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠬᠦ ᠪᠠᠷ ᠭᠤᠶᠤᠴᠢᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ᠂ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠳᠠᠭ᠂ ︽ᠢᠳᠡᠰᠢᠨ ᠨᠣᠭᠤᠭ᠎ᠠ︾ ᠶᠢᠨ ᠬᠠᠩᠭᠠᠯᠭ᠎ᠠ ᠰᠠᠶᠢᠨ᠂ ᠬᠠᠩᠭᠠᠯᠭ᠎ᠠ ᠲᠣᠭᠲᠠᠭᠤᠨ᠂ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ ᠪᠣᠯ ᠠᠷᠠᠳ ᠲᠤ ᠲᠦᠬᠦᠮ ᠦᠵᠡᠭᠦᠯᠬᠦ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠮᠥᠨᠴᠦ ᠵᠠᠰᠠᠭ ᠤᠨ ᠣᠷᠳᠣᠨ ᠤ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠥᠬᠦᠪᠦᠷᠢ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠨᠥᠬᠦᠪᠦᠷᠢ ᠶᠢ ᠭᠤᠶᠤᠴᠢᠯᠠᠨ ᠮᠡᠳᠡᠭᠦᠯᠬᠦ ᠭᠠᠷᠳᠠᠮ ᠢ ᠳᠥᠭᠦᠮᠴᠢᠯᠡᠵᠦ᠂ ᠢᠳᠡᠰᠢᠨ ᠨᠣᠭᠤᠭ᠎ᠠ ᠶᠢᠨ ᠲᠠᠷᠢᠮᠠᠯ ᠤᠨ ᠭᠠᠢ ᠭᠠᠮᠰᠢᠭ ᠤᠨ ᠳᠠᠭᠠᠳᠬᠠᠯ ᠢᠶᠠᠷ ᠭᠤᠣᠯ ᠠᠭᠤᠯᠭ᠎ᠠ ᠪᠣᠯᠭᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠳᠦᠷᠢᠮ ᠢ ᠰᠦᠪᠡᠭᠴᠢᠯᠡᠨ ᠪᠠᠶᠢᠭᠤᠯᠵᠤ᠂ ᠳᠠᠷᠢᠵᠤ ᠡᠵᠡᠩᠨᠡᠬᠦ ᠡᠷᠦᠬᠡ ᠶᠢᠨ ᠡᠷᠬᠡ ᠠᠰᠢᠭ ᠤᠨ ᠪᠠᠲᠤᠯᠠᠭ᠎ᠠ ᠶᠢ ᠰᠠᠶᠢᠲᠤᠷ ᠬᠢᠵᠦ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠪᠴᠢᠶᠡᠵᠢᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ︔ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠵᠤ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠤᠨ᠂ ᠬᠢᠨᠠᠨ ᠬᠠᠮᠢᠶᠠᠷᠴᠤ ᠰᠢᠯᠭᠠᠨ ᠠᠪᠬᠤ ᠶᠢ ᠴᠢᠩᠳᠠᠯᠠᠵᠤ᠂ ︽ᠬᠥᠬᠡᠬᠤᠲᠠ ᠶᠢᠨ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠣᠰᠣᠭᠠᠷ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠬᠦ ᠪᠠᠷ ᠢᠳᠡᠪᠬᠢᠲᠡᠢ ᠭᠤᠶᠤᠴᠢᠯᠠᠬᠤ ᠨᠢ ᠣᠷᠣᠨ ᠤ ᠲᠥᠪ ᠬᠤᠲᠠ ᠶᠢᠨ ᠨᠡᠷ᠎ᠡ ᠠᠯᠳᠠᠷᠰᠢᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠳᠦᠷᠢ ᠲᠥᠷᠬᠦ ᠪᠠᠨ ᠬᠠᠷᠠᠭᠤᠯᠵᠤ᠂ ᠨᠥᠯᠥᠭᠡᠯᠡᠬᠦ ᠬᠦᠴᠦᠨ ᠢᠶᠠᠨ ᠥᠷᠭᠡᠳᠬᠡᠬᠦ ᠳᠤ ᠲᠤᠰᠠᠲᠠᠢ ᠶᠤᠮ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠶᠤᠯᠭᠦᠢ᠂ ᠲᠥᠬᠦᠮ ᠠᠪᠰᠠᠷᠬᠠᠨ᠂ ᠰᠢᠨ᠎ᠡ ᠡᠭᠦᠳᠦᠯᠲᠡ ᠲᠠᠢ᠂ ᠪᠣᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠦᠨᠳᠦᠰᠦᠨ ᠵᠠᠷᠴᠢᠮ ᠢ ᠪᠠᠷᠢᠮᠲᠠᠯᠠᠵᠤ᠂ ᠭᠤᠶᠤᠴᠢᠯᠠᠬᠤ ᠨᠥᠬᠦᠴᠡᠯ ᠪᠠ ᠲᠠᠰ ᠳᠠᠷᠠᠭᠠᠯᠠᠯ ᠤᠨ ᠶᠣᠰᠣᠭᠠᠷ᠂ ᠭᠤᠶᠤᠴᠢᠯᠠᠯᠲᠠ ᠶᠢᠨ ᠮᠡᠳᠡᠭᠦᠯᠦᠯᠲᠡ ᠪᠠ ᠬᠠᠮᠢᠶ᠎ᠠ ᠪᠦᠬᠦᠢ ᠮᠠᠲ᠋ᠧᠷᠢᠶᠠᠯ ᠢᠶᠠᠨ ᠴᠠᠭ ᠲᠤᠬᠠᠢ ᠳᠤᠨᠢ ᠲᠤᠰᠢᠶᠠᠵᠤ᠂ ᠭᠤᠶᠤᠴᠢᠯᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠬᠦ ᠪᠠᠷ ᠠᠮᠵᠢᠯᠲᠠ ᠲᠠᠢ ᠭᠤᠶᠤᠴᠢᠯᠠᠵᠤ ᠣᠯᠬᠤ ᠳᠤ ᠲᠡᠷᠢᠭᠦᠨ ᠤ ᠲᠠᠯᠠᠪᠤᠷ ᠣᠷᠳᠣᠨ ᠤ ᠪᠡᠯᠡᠳᠬᠡᠮᠵᠢ ᠪᠠ ᠥᠨᠳᠥᠷ ᠦᠷ᠎ᠡ ᠪᠦᠲᠦᠮᠵᠢᠲᠡᠶ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ