7 ᠳ᠋ᠤᠭᠠᠷ ᠰᠠᠷ᠎ᠠ ᠶᠢᠨ 3 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/7/4
      7 ᠳ᠋ᠤᠭᠠᠷ ᠰᠠᠷ᠎ᠠ ᠶᠢᠨ 3 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 2 ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠨᠡᠮᠡᠭᠳᠡᠪᠡ᠃  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 7 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠠᠴᠠ 1᠂ ᠰᠢᠯᠢ ᠶᠢᠨ ᠭᠤᠣᠯ ᠠᠶᠢᠮᠠᠭ ᠠᠴᠠ 6 ᠭᠠᠷᠴᠠᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 2 ᠬᠦᠮᠦᠨ ︵ᠴᠥᠮ ᠰᠢᠯᠢ ᠶᠢᠨ ᠭᠤᠣᠯ ᠠᠶᠢᠮᠠᠭ ᠲᠤ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃      7  ᠳ᠋ᠤᠭᠠᠷ ᠰᠠᠷ᠎ᠠ ᠶᠢᠨ 3 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 14 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 12 ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 1᠂ ᠰᠢᠯᠢ ᠶᠢᠨ ᠭᠤᠣᠯ ᠠᠶᠢᠮᠠᠭ ᠲᠤ 9 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 5 ︵ᠴᠥᠮ ᠬᠥᠬᠡᠬᠤᠲᠠ ᠳᠤ ᠪᠣᠶ︶  ᠪᠣᠢ᠃ ᠬᠢᠯᠢ ᠶᠢᠨ ᠭᠠᠳᠠᠨ᠎ᠠ ᠠᠴᠠ  ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠬᠥᠬᠡᠬᠤᠲᠠ ᠳᠤ ᠪᠣᠶ︶  ᠪᠣᠢ᠃ ᠴᠥᠮ ᠲᠣᠭᠲᠠᠭᠰᠠᠨ ᠡᠮᠨᠡᠯᠭᠡ ᠶᠢᠨ  ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ