ᠮᠠᠨ ᠤ ᠬᠤᠲᠠ ᠨᠡᠶᠢᠲᠡ ᠶᠢᠨ ᠮᠠᠰᠢᠨ ᠲᠡᠷᠭᠡᠨ ᠤ ᠵᠢᠭᠤᠯᠴᠢᠯᠠᠯ ᠤᠨ ᠲᠤᠰᠬᠠᠢ ᠱᠤᠭᠤᠮ ᠤᠨ ᠪᠢᠯᠧᠲ ᠤᠨ ᠦᠨ᠎ᠡ ᠶᠢ ᠲᠠᠪᠤᠨ ᠲᠥᠭᠦᠷᠢᠭ ᠠᠴᠠ ᠨᠢᠭᠡ ᠲᠥᠭᠦᠷᠢᠭ ᠪᠣᠯᠭᠠᠪᠠ
ᠨᠡᠶᠢᠲᠡᠯᠡᠭᠰᠡᠨ ᠴᠠᠭ᠄
2022/7/4
      ᠠᠷᠠᠳ ᠣᠯᠠᠨ ᠤ ᠵᠣᠯ ᠵᠢᠷᠭᠠᠯ ᠤᠨ ᠲᠦᠷᠦᠭᠳᠡᠯ ᠪᠠ ᠬᠦᠷᠲᠡᠮᠵᠢ ᠶᠢᠨ  ᠲᠦᠷᠦᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠥᠬᠡᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ 5 ᠵᠤᠷᠪᠤᠰ ᠵᠢᠭᠤᠯᠴᠢᠯᠠᠯ ᠤᠨ ᠲᠤᠰᠬᠠᠢ ᠱᠤᠭᠤᠮ ᠤᠨ ᠪᠢᠯᠧᠲ ᠤᠨ ᠦᠨ᠎ᠡ ᠶᠢ ᠴᠥᠮ ᠲᠠᠪᠤᠨ ᠲᠥᠭᠦᠷᠢᠭ ᠪᠠᠶᠢᠭᠰᠠᠨ ᠠᠴᠠ ᠨᠢ ᠨᠢᠭᠡ ᠲᠥᠭᠦᠷᠢᠭ ᠪᠣᠯᠭᠠᠨ ᠲᠣᠬᠢᠷᠠᠭᠤᠯᠪᠠ᠃      ᠣᠶᠢᠯᠠᠭᠠᠭᠰᠠᠨ ᠢᠶᠠᠷ᠂ ᠰᠢᠨ᠎ᠡ ᠪᠢᠯᠧᠲ ᠤᠨ ᠦᠨ᠎ᠡ ᠶᠢ 7 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠵᠢᠭᠤᠯᠴᠢᠯᠠᠯ ᠤᠨ ᠲᠤᠰᠬᠠᠢ ᠱᠤᠭᠤᠮ ᠤᠨ ᠬᠤᠯᠪᠣᠭᠳᠠᠬᠤ ᠱᠤᠭᠤᠮ ᠳᠤ ᠶᠡᠭᠡ ᠲᠦᠷᠭᠡᠨ ᠭᠤᠣᠯ ᠤᠨ ᠰᠡᠯᠡᠭᠦᠴᠡᠯ ᠤᠨ ᠲᠤᠰᠬᠠᠢ ᠱᠤᠭᠤᠮ᠂ ᠲᠡᠦᠬᠡ ᠰᠣᠶᠣᠯ ᠤᠨ ᠲᠤᠰᠬᠠᠢ ᠱᠤᠭᠤᠮ᠂ ᠭᠠᠵᠠᠷ ᠣᠷᠣᠨ ᠤ ᠰᠣᠶᠣᠯ ᠤᠨ ᠲᠤᠰᠬᠠᠢ ᠱᠤᠭᠤᠮ᠂ ᠴᠡᠯᠡᠭᠡᠷ ᠲᠠᠯ᠎ᠠ ᠲᠠᠯ᠎ᠠ ᠨᠤᠲᠤᠭ ᠤᠨ ᠲᠤᠰᠬᠠᠢ ᠱᠤᠭᠤᠮ᠂ ᠪᠣᠬᠢᠷᠳᠤᠯ ᠦᠭᠡᠢ ᠠᠮᠢ ᠠᠬᠤᠢ ᠶᠢᠨ ᠲᠤᠰᠬᠠᠢ ᠱᠤᠭᠤᠮ ᠪᠠᠭᠲᠠᠨ᠎ᠠ᠃ ᠠᠳᠡ ᠠᠶᠠᠨᠴᠢᠳ ᠲᠤ ᠰᠠᠨᠠᠭᠤᠯᠬᠤ ᠨᠢ᠂ ᠵᠢᠭᠤᠯᠴᠢᠯᠠᠯ ᠤᠨ ᠲᠤᠰᠬᠠᠢ ᠱᠤᠭᠤᠮ ᠤᠨ ᠨᠡᠶᠢᠲᠡ ᠶᠢᠨ ᠮᠠᠰᠢᠨ ᠳᠤ ᠰᠠᠭᠤᠬᠤ ᠳᠤ ᠪᠣᠶ ᠪᠦᠬᠦᠢ ᠰᠦᠢᠳᠬᠡᠯ ᠥᠯᠥ ᠬᠤᠷᠢᠶᠠᠬᠤ ᠺᠠᠷᠲ ᠦᠨᠡᠮᠯᠡᠯ ᠴᠦᠮ ᠬᠦᠴᠦᠨ ᠦᠭᠡᠢ ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ