ᠲᠠᠯ᠎ᠠ ᠨᠤᠲᠤᠭ ᠤᠨ ᠲᠡᠮᠦᠷ ᠵᠠᠮ ᠤᠨ ᠬᠡᠰᠡᠭ ᠠᠶᠠᠨᠴᠢᠳ ᠤᠨ ᠴᠤᠪᠤᠭ᠎ᠠ ᠲᠡᠷᠭᠡ ᠠᠶᠠᠯᠠᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2022/7/4
      6 ᠳ᠋ᠤᠭᠠᠷ ᠰᠠᠷ᠎ᠠ ᠶᠢᠨ 30 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠺᠣᠮᠫᠠᠨᠢ ᠶᠢᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠲᠠᠯ᠎ᠠ ᠨᠤᠲᠤᠭ ᠤᠨ ᠲᠡᠮᠦᠷ ᠵᠠᠮ ᠤᠨ ᠬᠡᠰᠡᠭ ᠠᠶᠠᠨᠴᠢᠳ ᠤᠨ ᠴᠤᠪᠤᠭ᠎ᠠ ᠲᠡᠷᠭᠡ ᠠᠶᠠᠯᠠᠯ ᠢᠶᠠᠨ ᠰᠡᠷᠭᠦᠭᠡᠭᠰᠡᠨ ᠪᠠᠶᠢᠨ᠎ᠠ᠂ ᠶᠠᠪᠤᠵᠤ ᠰᠠᠭᠤᠬᠤ ᠠᠶᠠᠨᠴᠢᠳ ᠠᠮᠠᠪᠴᠢ ᠵᠡᠭᠦᠵᠦ᠂ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠲᠡᠷᠭᠡᠨ ᠥᠷᠲᠡᠭᠡ ᠪᠠ ᠭᠠᠯᠲᠤ ᠲᠡᠷᠭᠡᠨ ᠤ ᠠᠵᠢᠯᠲᠠᠳ ᠲᠠᠢ ᠢᠳᠡᠪᠬᠢᠲᠡᠢ ᠬᠠᠮᠵᠢᠯᠴᠠᠨ ᠪᠡᠶ᠎ᠡ ᠶᠢᠨ ᠳᠤᠯᠠᠭᠠᠨ ᠢ ᠬᠡᠮᠵᠢᠬᠦ ᠂ ᠺᠣᠳ᠋ ᠰᠢᠯᠭᠠᠬᠤ᠂ ᠰᠢᠯᠭᠠᠨ ᠪᠠᠲᠤᠯᠠᠬᠤ ᠠᠵᠢᠯ ᠢ ᠰᠠᠶᠢᠲᠤᠷ ᠬᠢᠵᠦ᠂ ᠠᠶᠠᠯᠠᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠠᠶᠠᠯᠠᠯ ᠢᠶᠠᠨ ᠰᠡᠷᠭᠦᠭᠡᠭᠰᠡᠨ ᠠᠶᠠᠨᠴᠢᠳ ᠤᠨ ᠭᠠᠯᠲᠤ ᠲᠡᠷᠭᠡ᠄ 6 ᠳ᠋ᠤᠭᠠᠷ ᠰᠠᠷ᠎ᠠ ᠶᠢᠨ 29 ᠤ ᠡᠳᠦᠷ ᠠᠴᠠ 7 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠬᠥᠬᠡᠬᠤᠲᠠ ᠠᠴᠠ ᠱᠠᠩᠬᠠᠢ ᠬᠦᠷᠬᠦ Z267/70/67 ᠡᠭᠡᠯᠵᠢ︔ 6 ᠳ᠋ᠤᠭᠠᠷ ᠰᠠᠷ᠎ᠠ ᠶᠢᠨ 29 ᠤ ᠡᠳᠦᠷ ᠠᠴᠠ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠪᠤᠭᠤᠲᠤ ᠠᠴᠠ ᠰᠢᠯᠢᠩᠬᠤᠲᠠ ᠬᠦᠷᠬᠦ K7916/7 ᠡᠭᠡᠯᠵᠢ︔ 6 ᠳ᠋ᠤᠭᠠᠷ ᠰᠠᠷ᠎ᠠ ᠶᠢᠨ 30 ᠤ ᠡᠳᠦᠷ ᠠᠴᠠ 7 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ ᠱᠠᠩᠬᠠᠢ ᠠᠴᠠ ᠬᠥᠬᠡᠬᠤᠲᠠ ᠬᠦᠷᠬᠦ Z268/9/8 ᠡᠭᠡᠯᠵᠢ︔ 6 ᠳ᠋ᠤᠭᠠᠷ ᠰᠠᠷ᠎ᠠ ᠶᠢᠨ 30 ᠤ ᠡᠳᠦᠷ ᠠᠴᠠ 8 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ ᠰᠢᠯᠢᠩᠬᠤᠲᠠ ᠠᠴᠠ ᠪᠤᠭᠤᠲᠤ ᠬᠦᠷᠬᠦ K7918/5 ᠡᠭᠡᠯᠵᠢ︔ 7 ᠳ᠋ᠤᠭᠠᠷ ᠰᠠᠷ᠎ᠠ ᠶᠢᠨ 1 ᠤ ᠡᠳᠦᠷ ᠠᠴᠠ 7 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠪᠤᠭᠤᠲᠤ ᠠᠴᠠ ᠨᠠᠨᠨᠢᠩ ᠬᠦᠷᠬᠦ Z338/5 ᠡᠭᠡᠯᠵᠢ᠂ ᠬᠥᠬᠡᠬᠤᠲᠠ ᠶᠢᠨ ᠵᠡᠭᠦᠨ ᠦᠷᠲᠡᠭᠡ ᠠᠴᠠ ᠴᠧᠩᠳᠦ᠋ ᠬᠦᠷᠬᠦ K195/8/5 ᠡᠭᠡᠯᠵᠢ︔ 7 ᠳ᠋ᠤᠭᠠᠷ ᠰᠠᠷ᠎ᠠ ᠶᠢᠨ 3 ᠤ ᠡᠳᠦᠷ ᠠᠴᠠ 7 ᠰᠠᠷ᠎ᠠ ᠶᠢᠨ 17 ᠤ ᠡᠳᠦᠷ ᠪᠣᠯᠲᠠᠯ᠎ᠠ ᠨᠠᠨᠨᠢᠩ ᠠᠴᠠ ᠪᠤᠭᠤᠲᠤ ᠬᠦᠷᠬᠦZ336/7 ᠡᠭᠡᠯᠵᠢ᠂ ᠴᠧᠩᠳᠦ᠋ ᠠᠴᠠ ᠬᠥᠬᠡᠬᠤᠲᠠ ᠶᠢᠨ ᠵᠡᠭᠦᠨ ᠦᠷᠲᠡᠭᠡ ᠬᠦᠷᠬᠦ  K196/7/6  ᠡᠭᠡᠯᠵᠢ᠃ ᠶᠠᠪᠤᠵᠤ ᠰᠠᠭᠤᠬᠤ ᠠᠶᠠᠨᠴᠢᠳ ᠴᠠᠭ ᠲᠤᠬᠠᠢ ᠳᠤᠨᠢ ᠳᠤᠮᠳᠠᠳᠤ ᠤᠯᠤᠰ ᠤᠨ ᠲᠡᠮᠦᠷ ᠵᠠᠮ ᠤᠨ 12306 ᠰᠦᠯᠵᠢᠶᠡᠨ ᠳᠤ ᠭᠠᠷᠴᠤ ᠭᠠᠯᠲᠤ ᠲᠡᠷᠭᠡᠨ ᠤ ᠠᠶᠠᠯᠠᠯ ᠤᠨ ᠪᠣᠳᠠᠲᠠᠢ ᠬᠤᠪᠢᠷᠠᠯᠲᠠ ᠶᠢ ᠠᠩᠬᠠᠷᠴᠤ ᠦᠵᠡᠭᠡᠷᠡᠢ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ