6 ᠳ᠋ᠤᠭᠠᠷ ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠮᠧᠬᠠᠨᠢᠭ ᠤᠨ ᠣᠯᠠᠨ ᠤᠯᠤᠰ ᠤᠨ ᠬᠠᠮᠲᠤᠷᠠᠯᠴᠠᠭᠠᠨ ᠤ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ︵ᠳᠥᠭᠦᠮᠴᠢᠯᠡᠭᠡᠳ ︽ᠳᠤᠮᠳᠠᠳᠤ ᠤᠯᠤᠰ ᠤᠨ ᠮᠧᠬᠠᠨᠢᠭ ᠤᠨ ᠣᠯᠠᠨ ᠤᠯᠤᠰ ᠤᠨ ᠺᠣᠮᠫᠠᠨᠢ︾ ᠭᠡᠳᠡᠭ︶ ᠠᠴᠠ ᠭᠤᠣᠯᠯᠠᠨ ᠡᠷᠭᠢᠯᠡᠭᠰᠡᠨ | 2022 ᠠᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠵᠢᠴᠢ ᠰᠢᠨ᠎ᠡ ᠡᠨᠧᠷᠭᠢ ᠶᠢᠨ ᠠᠵᠤ | ᠦᠢᠯᠡᠰ ᠤᠨ ᠦᠵᠡᠰᠬᠦᠯᠡᠩ ᠤᠨ ᠴᠤᠭᠯᠠᠭᠠᠨ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃ | ᠲᠣᠰ ᠬᠤᠭᠤᠴᠠᠭᠠᠨ ᠤ ᠮᠠᠰᠢᠨ ᠲᠡᠷᠭᠡᠨ ᠤ ᠦᠵᠡᠭᠦᠯᠦᠯᠭᠡ 5 ᠡᠳᠦᠷ ᠶᠠᠪᠤᠭᠳᠠᠵᠤ᠂ ᠥᠪᠥᠷ ᠮᠣᠩᠭᠤᠯ ᠤᠨᠡᠨᠡ ᠵᠢᠯ ᠤᠨ ᠠᠩᠬᠠᠳᠠᠭᠴᠢ ᠲᠣᠮᠣ | ᠬᠡᠯᠪᠡᠷᠢ ᠶᠢᠨ ᠮᠠᠰᠢᠨ ᠲᠡᠷᠭᠡᠨ ᠤ ᠦᠵᠡᠭᠦᠯᠦᠯᠭᠡ ᠪᠣᠯᠣᠨ᠎ᠠ᠂ ᠦᠵᠡᠭᠦᠯᠦᠯᠭᠡ ᠨᠢ ᠦᠷᠭᠦᠯᠵᠢᠯᠡᠨ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ | ᠦᠵᠡᠰᠬᠦᠯᠡᠩ ᠤᠨ ᠲᠥᠪ ᠤᠨ ᠭᠤᠣᠯ ᠣᠷᠳᠣᠨ ᠵᠢᠴᠢ ᠡᠮᠦᠨ᠎ᠡ ᠬᠤᠶᠢᠨ᠎ᠠ ᠠᠭᠤᠳᠠᠮ ᠲᠠᠯᠠᠪᠠᠶ ᠶᠢ ᠬᠡᠷᠡᠭᠯᠡᠵᠦ᠂ ᠦᠵᠡᠭᠦᠯᠦᠯᠭᠡ ᠶᠢᠨ ᠲᠠᠯᠠᠪᠠᠢ 7 ᠲᠦᠮᠡ | ᠰᠢᠬᠠᠮ ᠲᠡᠭᠰᠢ ᠳᠥᠷᠪᠡᠯᠵᠢᠨ ᠮᠧᠲᠷ ᠬᠦᠷᠴᠦ ᠪᠣᠢ᠃ | ︽ᠠᠷᠤ ᠭᠠᠵᠠᠷ ᠤᠨ ᠨᠢᠭᠡᠳᠦᠭᠡᠷ ᠮᠠᠰᠢᠨ ᠲᠡᠷᠭᠡᠨ ᠤ ᠦᠵᠡᠭᠦᠯᠦᠯᠭᠡ︾ ᠬᠡᠮᠡᠭᠳᠡᠭᠰᠡᠨ ᠬᠥᠬᠡᠬᠤᠲᠠ ᠶᠢᠨ ᠣᠯᠠᠨ ᠤᠯᠤᠰ ᠤᠨ ᠮᠠᠰᠢᠨ ᠲᠡᠷᠭᠡᠨ ᠤ | ᠦᠵᠡᠭᠦᠯᠦᠯᠭᠡ ᠶᠢ ᠳᠠᠷᠠᠭᠠᠯᠠᠨ 13 ᠠᠮᠵᠢᠯᠲᠠᠲᠠᠢ ᠡᠷᠬᠢᠯᠡᠵᠦ᠂ ᠣᠲᠣ ᠪᠣᠯᠲᠠᠯ᠎ᠠ ᠥᠪᠥᠷ ᠮᠣᠩᠭᠤᠯ ᠤᠨ ᠪᠠᠷᠢᠮᠵᠢᠶ᠎ᠠ ᠪᠠᠷ ᠬᠠᠮᠤᠭ ᠤᠨ ᠥᠨᠳᠥᠷ᠂ | ᠬᠡᠪᠴᠢᠶ᠎ᠡ ᠪᠠᠷ ᠬᠠᠮᠤᠭ ᠤᠨ ᠶᠡᠭᠡ᠂ ᠤᠮᠠᠷᠠᠲᠤ ᠣᠷᠣᠨ ᠵᠢᠴᠢ ᠪᠠᠷᠠᠭᠤᠨ ᠬᠤᠶᠢᠲᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠬᠤᠳᠠᠯᠳᠤᠭᠠᠴᠢᠨ ᠤ | ᠦᠵᠡᠰᠬᠦᠯᠡᠩ ᠳᠤ ᠣᠷᠤᠯᠴᠠᠬᠤ ᠬᠡᠮ ᠪᠠᠷᠢᠮᠵᠢᠶ᠎ᠠ ᠬᠠᠮᠤᠭ ᠤᠨ ᠥᠨᠳᠥᠷ ᠣᠯᠠᠨ ᠤᠯᠤᠰᠴᠢᠯᠠᠭᠰᠠᠨ ᠲᠤᠰᠬᠠᠢ ᠮᠡᠷᠭᠡᠵᠢᠯ ᠤᠨ ᠮᠠᠰᠢᠨ ᠲᠡᠷᠭᠡᠨ ᠤ ᠦᠵᠡᠭᠦᠯᠦᠯᠭᠡ | ᠪᠣᠯᠤᠨ᠎ᠠ᠃ ᠲᠣᠰ ᠬᠤᠭᠤᠴᠠᠭᠠᠨ ᠤ ᠮᠠᠰᠢᠨ ᠲᠡᠷᠭᠡᠨ ᠤ ᠦᠵᠡᠭᠦᠯᠦᠯᠭᠡ ᠳᠤ 80 ᠭᠠᠷᠤᠢ ᠲᠦᠷᠦᠯ ᠲᠡᠮᠳᠡᠭᠲᠦ ᠶᠢᠨ ᠳᠣᠣᠷᠠᠬᠢ 700 ᠰᠢᠬᠠᠮ ᠮᠠᠰᠢᠨ | ᠲᠡᠷᠭᠡᠨ ᠤ ᠬᠡᠯᠪᠡᠷᠢ ᠣᠯᠠᠨ ᠲᠠᠢ ᠵᠣᠯᠭᠠᠨ᠎ᠠ︔ ᠦᠵᠡᠭᠦᠯᠦᠯᠭᠡ ᠶᠢᠨ ᠬᠤᠭᠤᠴᠠᠭᠠᠨ ᠳᠤ 12 ᠲᠠᠯᠠᠪᠤᠷ 13 ᠵᠦᠢᠯ ᠤᠨ ᠰᠢᠨ᠎ᠡ ᠮᠠᠰᠢᠨ ᠲᠡᠷᠭᠡ ᠨᠡᠶᠢᠲᠡᠯᠡᠬᠦ | ᠬᠤᠷᠠᠯ ᠬᠢᠨ᠎ᠡ︔ ᠬᠤᠳᠠᠯᠳᠤᠨ ᠠᠪᠬᠤ ᠭᠠᠶᠢᠯᠢ ᠶᠢ ᠬᠠᠭᠠᠰ ᠢᠶᠠᠷ ᠬᠠᠰᠤᠬᠤ ᠪᠠ ᠦᠢᠯᠡᠳᠪᠦᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠠᠮᠲᠤ | ᠳᠤᠨᠢ ᠬᠦᠷᠳᠡᠭᠡᠨ᠎ᠡ᠃ | ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠤᠢ ᠪᠠᠶᠢᠳᠠᠯ ᠤᠨ ᠳᠣᠣᠷ᠎ᠠ᠂ ᠲᠣᠰ ᠬᠤᠭᠤᠴᠠᠭᠠᠨ ᠤ ᠮᠠᠰᠢᠨ ᠲᠡᠷᠭᠡᠨ ᠤ | ᠦᠵᠡᠭᠦᠯᠦᠯᠭᠡ ᠨᠢ ᠵᠠᠰᠠᠭ ᠤᠨ ᠣᠷᠳᠣᠨ ᠤ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠮᠠᠰᠢᠨ | ᠲᠡᠷᠭᠡᠨ ᠤ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠦᠴᠦᠨ ᠢ ᠪᠠᠳᠠᠷᠠᠭᠤᠯᠵᠤ᠂ ᠥᠪᠥᠷ ᠮᠣᠩᠭᠤᠯ ᠤᠨ ᠮᠠᠰᠢᠨ ᠲᠡᠷᠭᠡᠨ ᠤ ᠠᠵᠢᠯ ᠲᠥᠷᠥᠯ ᠤᠨ ᠬᠢᠨ ᠤ ᠢᠲᠡᠭᠡᠯ | ᠵᠣᠷᠢᠭ ᠢ ᠬᠦᠪᠴᠢᠯᠡᠬᠦ ᠪᠣᠯᠤᠨ᠎ᠠ᠃ |