ᠴᠢᠩ ᠱᠦᠢ ᠡᠾᠧ ᠰᠢᠶᠠᠨ ᠤ ᠯᠣᠣ ᠨᠢᠦ ᠸᠠᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠦᠷᠦᠯ ᠵᠦᠢᠯ ᠢ ᠵᠢᠩᠬᠢᠨᠢ ᠪᠠᠷ ᠡᠬᠢᠯᠡᠭᠦᠯᠪᠡ 2023 ᠣᠨ ᠤ 11 ᠳ᠋ᠤᠭᠡᠷ ᠰᠠᠷ᠎ᠠ ᠳᠤ ᠲᠤᠷᠰᠢᠨ ᠨᠢᠰᠬᠦ ᠪᠠᠷ ᠲᠦᠯᠦᠪᠯᠡᠵᠦ ᠪᠣᠢ
ᠨᠡᠶᠢᠲᠡᠯᠡᠭᠰᠡᠨ ᠴᠠᠭ᠄
2022/7/4
      ᠰᠤᠷᠪᠤᠯᠵᠢᠯᠠᠭᠴᠢ ᠣᠶᠢᠷ᠎ᠠ ᠳᠤ ᠬᠤᠲᠠ ᠶᠢᠨ ᠵᠠᠮ ᠬᠠᠷᠢᠯᠴᠠᠭᠠᠨ ᠤ ᠪᠦᠯᠦᠭᠯᠡᠯ ᠠᠴᠠ ᠣᠶᠢᠯᠠᠭᠠᠭᠰᠠᠨ ᠢᠶᠠᠷ᠂ ᠴᠢᠩ ᠱᠦᠢ ᠾᠧ ᠰᠢᠶᠠᠨ ᠤ ᠯᠣᠸ ᠨᠢᠦ ᠸᠠᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠨᠢᠭᠡᠨᠲᠡ ᠵᠢᠩᠬᠢᠨᠢ ᠪᠠᠷ ᠠᠵᠢᠯ ᠡᠬᠢᠯᠡᠪᠡ᠃      ᠣᠶᠢᠯᠠᠭᠠᠭᠰᠠᠨ ᠢᠶᠠᠷ᠂ ᠴᠢᠩ ᠱᠦᠢ ᠾᠧ ᠰᠢᠶᠠᠨ ᠤ ᠯᠣᠣ ᠨᠢᠦ ᠸᠠᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯ ᠥᠪᠥᠷ ᠮᠣᠩᠭᠤᠯ ᠤᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠪᠣᠯ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠤᠨ ᠴᠢᠬᠤᠯᠠ ᠰᠠᠭᠤᠷᠢ ᠪᠣᠯᠬᠤ ᠶᠤᠮ᠃ ᠣᠷᠣᠨ ᠨᠤᠲᠤᠭ ᠤᠨ ᠬᠥᠭᠵᠢᠯᠲᠡ ᠳᠤ ᠠᠪᠴᠤ ᠬᠡᠯᠡᠪᠡᠯ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠢ ᠬᠥᠭᠵᠢᠭᠦᠯᠬᠦ ᠨᠢ ᠭᠠᠵᠠᠷ ᠣᠷᠣᠨ ᠤ ᠠᠵᠤ ᠠᠬᠤᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠦᠴᠦᠳᠡᠢ ᠠᠬᠢᠭᠤᠯᠵᠤ ᠴᠢᠳᠠᠨ᠎ᠠ᠃  ᠨᠡᠶᠢᠲᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠨᠢ ᠪᠠᠰᠠ ᠲᠠᠷᠢᠶᠠᠯᠠᠩ ᠣᠶ ᠰᠢᠭᠤᠢ ᠶᠢᠨ ᠰᠦᠷᠴᠢᠯᠲᠡ᠂ ᠠᠭᠠᠷ ᠠᠴᠠ ᠦᠷ᠎ᠡ ᠰᠠᠴᠤᠬᠤ᠂ ᠠᠭᠠᠷ ᠠᠴᠠ ᠬᠢᠨᠠᠨ ᠠᠵᠢᠭᠯᠠᠵᠤ ᠬᠠᠮᠠᠭᠠᠯᠠᠬᠤ᠂ ᠵᠤᠭ᠎ᠠ ᠴᠡᠩᠭᠡᠯ ᠰᠡᠯᠡᠭᠦᠴᠡᠯ᠂ ᠲᠣᠭᠤᠷᠢᠵᠤ ᠵᠢᠭᠤᠯᠴᠢᠯᠠᠬᠤ᠂ ᠠᠭᠠᠷ ᠤᠨ ᠠᠶᠠᠯᠠᠯ ᠤᠨ ᠬᠥᠳᠡᠯᠭᠡᠭᠡᠨ ᠵᠡᠷᠭᠡ ᠳᠤ ᠦᠢᠯᠡᠴᠢᠯᠡᠳᠡᠭ᠃ ᠨᠡᠶᠢᠳᠡᠮ‌‍ᠤᠨ ᠬᠡᠷᠡᠭᠯᠡᠭᠡᠨ ᠤ ᠠᠭᠠᠷ ᠤᠨ ᠠᠶᠠᠯᠠᠯ ᠨᠢ ᠨᠡᠯᠢᠶᠡᠳ ᠪᠠᠭ᠎ᠠ ᠪᠡᠯᠡ ᠮᠥᠩᠭᠦ ᠶᠢᠨ ᠣᠷᠣᠭᠤᠯᠤᠯᠲᠠ ᠪᠠ ᠨᠡᠯᠢᠶᠡᠳ ᠪᠠᠭ᠎ᠠ ᠡᠬᠢ ᠪᠠᠶᠠᠯᠢᠭ ᠢᠶᠠᠷ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠤ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠢ  ᠬᠤᠯᠪᠤᠵᠤ᠂ ᠬᠤᠴᠤᠷᠤᠩᠭᠤᠢ ᠭᠠᠵᠠᠷ ᠣᠷᠣᠨ ᠤ ᠠᠵᠤ ᠠᠬᠤᠢ ᠨᠡᠶᠢᠭᠡᠮ ᠢ ᠤᠯᠤᠰ ᠤᠨ ᠶᠡᠷᠦᠩᠬᠡᠢ ᠬᠥᠭᠵᠢᠯᠲᠡ ᠳᠤ ᠠᠭᠤᠰᠬᠠᠵᠤ᠂ ᠤᠯᠤᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠬᠦ ᠳᠤ ᠠᠰᠢᠭᠲᠠᠢ ᠶᠤᠮ᠃      ᠴᠢᠩ ᠱᠦᠢ ᠾᠧ ᠰᠢᠶᠠᠨ  ᠤ ᠯᠣᠣ ᠨᠢᠦ ᠸᠠᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ  ᠤᠨ ᠪᠠᠭᠤᠳᠠᠯ ᠢ ᠥᠪᠡᠷᠲᠡᠭᠡᠨ ᠵᠠᠰᠠᠬᠤ ᠣᠷᠣᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠶᠢᠭᠤᠯᠬᠤ ᠪᠠᠷᠢᠮᠵᠢᠶᠠᠵᠢᠭᠤᠯᠤᠭᠰᠠᠨ ᠬᠡᠪ ᠵᠠᠭᠪᠤᠷ ᠶᠣᠰᠣᠭᠠᠷ᠂  ᠨᠡᠶᠢᠲᠡ 2.198  ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠤ᠂ A1 ᠲᠡᠰ ᠤᠨ ᠨᠡᠶᠢᠳᠡᠮ ᠤᠨ ᠬᠡᠷᠡᠭᠯᠡᠭᠡᠨ  ᠤ ᠨᠢᠰᠬᠡᠯ ᠤᠨ ᠪᠠᠭᠤᠳᠠᠯ ᠪᠣᠯᠭᠠᠨ ᠪᠦᠲᠦᠭᠡᠨ ᠪᠠᠶᠢᠭᠤᠯᠤᠨ᠎ᠠ᠂ ᠨᠢᠰᠦᠯᠲᠡ ᠶᠢᠨ ᠣᠷᠣᠨ ᠤ ᠲᠡᠰ ᠨᠢ 2B᠂ ᠠᠭᠠᠷ  ᠤᠨ ᠵᠠᠮ ᠬᠠᠷᠢᠯᠴᠠᠭᠠᠨ ᠤ ᠬᠠᠮᠢᠶᠠᠷᠤᠯᠲᠠ ᠡᠵᠡᠮᠳᠡᠯ ᠤᠨ ᠪᠠᠷᠢᠯᠭ᠎ᠠ ᠪᠣᠯᠣᠨ ᠲᠣᠰ ᠣᠷᠣᠨ ᠤ ᠳᠣᠲᠣᠷᠠᠬᠢ ᠤᠰᠤ᠂ ᠴᠠᠬᠢᠯᠭᠠᠨ᠂ ᠢᠯᠴᠢ ᠬᠠᠩᠭᠠᠬᠤ ᠵᠡᠷᠭᠡ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ᠨᠢᠰᠬᠡᠯ ᠤᠨ ᠪᠠᠭᠤᠳᠠᠯ ᠨᠢ 2023 ᠣᠨ ᠤ 11 ᠳ᠋ᠤᠭᠡᠷ ᠰᠠᠷ᠎ᠠ ᠳᠤ ᠲᠤᠷᠰᠢᠨ ᠨᠢᠰᠬᠦ ᠪᠠᠷ ᠲᠥᠯᠥᠪᠯᠡᠵᠦ ᠪᠤᠶ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ