ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠪᠡ ᠬᠥᠬᠡᠬᠤᠲᠠ ᠶᠢᠨ 2 ᠪᠠᠯᠭᠠᠰᠤ 3 ᠲᠣᠰᠬᠤᠨ ᠰᠣᠩᠭᠤᠭᠳᠠᠪᠠ
ᠨᠡᠶᠢᠲᠡᠯᠡᠭᠰᠡᠨ ᠴᠠᠭ᠄
2022/7/4
      6 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢ ᠦᠨᠡᠯᠡᠨ ᠲᠣᠭᠲᠠᠭᠠᠭᠰᠠᠨ ᠦᠷ᠎ᠡ ᠳ᠋ᠦᠩ ᠪᠠ ᠲᠠᠨᠢᠯᠴᠠᠭᠤᠯᠤᠨ ᠮᠡᠳᠡᠭᠦᠯᠬᠦ ᠪᠠᠷ ᠪᠠᠶᠢᠭ᠎ᠠ ᠳᠥᠷᠪᠡᠳᠦᠭᠡᠷ ᠪᠦᠯᠦᠭ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢᠨ ᠨᠡᠷᠡᠰ ᠢ ᠵᠠᠷᠯᠠᠨ ᠨᠡᠶᠢᠲᠡᠯᠡᠪᠡ᠃      ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠣᠷᠤᠬᠤᠰᠢᠭᠤ ᠪᠠᠯᠭᠠᠰᠤ ᠶᠢᠨ ᠵᠠᠯᠠᠨ ᠪᠠᠶᠢᠰᠢᠩ ᠲᠣᠰᠬᠤᠨ᠂ ᠬᠤᠷᠢᠨᠭᠡᠷ ᠰᠢᠶᠠᠨ ᠤ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠲᠠᠶᠢᠴᠢᠳ ᠲᠣᠰᠬᠤᠨ᠂ ᠦᠴᠦᠸᠠᠨ ᠰᠢᠶᠠᠨ ᠤ ᠳᠠᠯᠠᠨ ᠬᠠᠷ᠎ᠠ ᠰᠢᠶᠠᠩ ᠤᠨ ᠦ᠋ ᠳ᠋ᠣᠣ ᠭᠧᠦ ᠲᠣᠰᠬᠤᠨ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠰᠣᠩᠭᠤᠭᠳᠠᠪᠠ︔ ᠰᠢᠨ᠎ᠡ ᠬᠤᠲᠠ ᠲᠣᠭᠤᠷᠢᠭ ᠤᠨ ᠪᠣᠷᠤᠬᠤᠰᠢᠭᠤ ᠪᠠᠯᠭᠠᠰᠤ᠂ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠪᠠᠯᠭᠠᠰᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ ᠪᠠᠷ ᠰᠣᠩᠭᠤᠭᠳᠠᠪᠠ︔ ᠰᠢᠨ᠎ᠡ ᠬᠤᠲᠠ ᠲᠣᠭᠤᠷᠢᠭ ᠤᠨ ᠪᠣᠷᠤᠬᠤᠰᠢᠭᠤ ᠪᠠᠯᠭᠠᠰᠤ ᠶᠢ ᠳᠥᠷᠪᠡᠳᠦᠭᠡᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ ᠪᠠᠷ ᠲᠠᠨᠢᠯᠴᠠᠭᠤᠯᠪᠠ᠃      ᠲᠣᠰ ᠤᠳᠠᠭᠠᠨ ᠤ ᠰᠢᠯᠢᠭᠳᠡᠭᠰᠡᠨ ᠨᠡᠷᠡᠰ ᠢ ᠡᠯ᠎ᠡ ᠠᠶᠢᠮᠠᠭ ᠬᠤᠲᠠ ᠶᠢᠨ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠮᠠᠲ᠋ᠧᠷᠢᠶᠠᠯ ᠤᠨ ᠠᠩᠬᠠᠨ ᠤ ᠰᠢᠯᠭᠠᠷᠠᠭᠤᠯᠤᠯᠲᠠ ᠪᠠ ᠲᠤᠰᠬᠠᠢ ᠮᠡᠷᠭᠡᠵᠢᠯᠲᠡᠨ ᠤ ᠲᠤᠬᠠᠢ ᠶᠢᠨ ᠭᠠᠵᠠᠷ ᠤᠨ ᠰᠢᠯᠭᠠᠷᠠᠭᠤᠯᠤᠯᠲᠠ᠂ ᠬᠤᠷᠠᠯ ᠤᠨ ᠰᠤᠳᠤᠯᠤᠯᠲᠠ ᠪᠠᠷ ᠳᠡᠮᠵᠢᠨ᠂ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠡᠾᠧᠨᠠᠨ  ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠵᠡᠷᠭᠡ 29 ᠲᠣᠰᠬᠤᠨ ︵ᠭᠠᠴᠠᠭ᠎ᠠ︶ ᠢ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠮᠠᠭᠠᠳᠯᠠᠨ ᠲᠣᠭᠲᠠᠭᠠᠪᠠ︔ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠠᠯᠭᠠᠰᠤ ᠪᠠᠯᠭᠠᠰᠤ ᠵᠡᠷᠭᠡ 3 ᠪᠠᠯᠭᠠᠰᠤ ᠶᠢ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ ᠪᠠᠷ ᠮᠠᠭᠠᠳᠯᠠᠨ  ᠲᠣᠭᠲᠠᠭᠠᠪᠠ᠃ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠡᠾᠧᠨᠠᠨ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠵᠡᠷᠭᠡ 6 ᠭᠠᠴᠠᠭ᠎ᠠ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠣᠷᠤᠬᠤᠰᠢᠭᠤ ᠪᠠᠯᠭᠠᠰᠤ ᠵᠡᠷᠭᠡ 3 ᠪᠠᠯᠭᠠᠰᠤ ᠶᠢ ᠳᠥᠷᠪᠡᠳᠦᠭᠡᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠪᠠᠷ ᠲᠠᠨᠢᠯᠴᠠᠭᠤᠯᠬᠤ ᠪᠠᠷ ᠪᠣᠶ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ