ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2022/7/5
            ᠰᠢ ᠶᠢᠨ ᠫᠢᠩ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ      ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ 1 ᠤ ᠦᠳᠡ ᠶᠢᠨ ᠡᠮᠦᠨ᠎ᠡ ᠰᠢᠶᠠᠩᠭᠠᠩ ᠤᠨ ᠬᠤᠷᠠᠯ ᠦᠵᠡᠰᠭᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠶ᠃ ᠲᠡᠷᠡ᠂ 25 ᠵᠢᠯ ᠤᠨ ᠲᠤᠷᠰᠢ᠂ ᠡᠬᠡ ᠤᠯᠤᠰ ᠤᠨ ᠪᠦᠬᠦ ᠬᠦᠴᠦᠨ ᠤ ᠳᠡᠮᠵᠢᠯᠭᠡ ᠳᠣᠣᠷ᠎ᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠪᠠᠷ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠰᠢᠶᠠᠩᠭᠠᠩ ᠳᠤ ᠳᠡᠯᠡᠬᠡᠢ ᠳ᠋ᠠᠬᠢᠨ ᠳᠤ ᠮᠡᠳᠡᠷᠡᠭᠳᠡᠭᠰᠡᠨ ᠠᠮᠵᠢᠯᠲᠠ ᠣᠯᠵᠠᠢ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠦᠢᠯᠡᠳᠦᠯᠭᠡ ᠶᠢᠨ ᠲᠠᠬᠢᠨ ᠳᠠᠪᠲᠠᠭᠰᠠᠨ ᠰᠢᠯᠭᠠᠯᠲᠠ ᠶᠢ ᠥᠩᠭᠡᠷᠡᠭᠡᠭᠰᠡᠨ ᠶᠤᠮ᠂ ᠤᠯᠤᠰ᠂ ᠦᠨᠳᠦᠰᠦᠲᠡᠨ ᠤ ᠦᠨᠳᠦᠰᠦᠨ ᠠᠰᠢᠭ ᠲᠤᠰᠠ ᠳᠤ ᠨᠡᠶᠢᠴᠡᠵᠤ᠂ ᠰᠢᠶᠠᠩᠭᠠᠩ᠂ ᠣᠣᠮᠧᠨ ᠤ ᠦᠨᠳᠦᠰᠦᠨ ᠠᠰᠢᠭ ᠲᠤᠰᠠ ᠳᠤ ᠨᠡᠶᠢᠴᠡᠵᠤ᠂ 14 ᠳ᠋ᠦᠩᠰᠢᠭᠤᠷ ᠭᠠᠷᠤᠢ ᠡᠭᠡ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠶᠢ ᠣᠯᠵᠤ᠂ ᠰᠢᠶᠠᠩᠭᠠᠩ᠂ ᠣᠣᠮᠧᠨ ᠤ ᠰᠠᠭᠤᠭᠠᠯᠢ ᠠᠷᠠᠳ ᠤᠨ ᠰᠠᠨᠠᠯ ᠨᠢᠭᠡᠲᠡᠢ ᠬᠦᠷᠢᠶᠡᠯᠡᠯ ᠢ ᠣᠯᠤᠭᠰᠠᠨ ᠪᠥᠭᠡᠳ ᠳᠡᠯᠡᠬᠡᠢ ᠨᠡᠶᠢᠭᠡᠮ ᠤᠨ ᠨᠡᠶᠢᠳᠡᠮ ᠤᠨ ᠵᠦᠪᠰᠢᠶᠡᠷᠡᠯ ᠢ ᠣᠯᠤᠭᠰᠠᠨ ᠶᠤᠮ᠃ ᠡᠶᠢᠮᠦ ᠰᠡᠶᠢᠠ ᠪᠠᠶᠢᠭᠤᠯᠤᠯ ᠢ ᠬᠤᠪᠢᠷᠠᠭᠤᠯᠬᠤ ᠶᠠᠮᠠᠷ ᠴᠤ ᠰᠢᠯᠲᠠᠭᠠᠨ ᠪᠠᠶᠢᠳᠠᠭ ᠤᠢᠭᠡᠢ᠂ ᠡᠷᠬᠡᠪᠰᠢ ᠤᠷᠳᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃
6379252444938402124392056.jpg     
            7 ᠰᠠᠷ᠎ᠠ ᠶᠢᠨ 1 ᠤ ᠦᠳᠡ ᠶᠢᠨ ᠡᠮᠦᠨ᠎ᠡ᠂ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠰᠢᠶᠠᠩᠭᠠᠩ ᠤᠨ ᠬᠤᠷᠠᠯ ᠦᠵᠡᠰᠭᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠶ᠃       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠣᠣ ᠳ᠋ᠠ ᠸᠧᠶ ᠰᠡᠭᠦᠳᠡᠷᠯᠡᠪᠡ
6379252446477464275522325.jpg     
           7 ᠰᠠᠷ᠎ᠠ ᠶᠢᠨ 1 ᠤ ᠦᠳᠡ ᠶᠢᠨ ᠡᠮᠦᠨ᠎ᠡ᠂ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠰᠢᠶᠠᠩᠭᠠᠩ ᠤᠨ ᠬᠤᠷᠠᠯ ᠦᠵᠡᠰᠭᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠶ᠃ ᠵᠢᠷᠤᠭ ᠪᠣᠯ ᠰᠢ ᠶᠢᠨ ᠫᠢᠩ ᠳᠠᠩᠭᠠᠷᠢᠭᠯᠠᠬᠤ ᠶᠢ ᠬᠢᠨᠠᠵᠤ᠂ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠤᠰᠢᠶᠠᠯ ᠳᠤ ᠭᠠᠷᠬᠤ ᠳᠠᠩᠭᠠᠷᠢᠭ ᠬᠢᠵᠦ ᠪᠠᠶᠢᠭ᠎ᠠ ᠨᠢ᠃       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ      ᠬᠤᠷᠠᠯ ᠤᠨ ᠲᠠᠯᠠᠪᠠᠢ ᠳᠤ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ ᠬᠦᠷ ᠬᠥᠭᠵᠢᠶᠡᠨ ᠲᠠᠢ ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ ᠳᠡᠭᠡᠷ᠎ᠡ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ᠂ ᠤᠯᠤᠰ ᠤᠨ ᠰᠦᠯᠳᠡ ᠪᠣᠯᠤᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠣᠷᠣᠨ ᠤ ᠲᠤᠭ ᠣᠨᠴᠠ ᠶᠢᠨ ᠢᠯᠡᠳᠡᠢ ᠬᠠᠷᠠᠭᠳᠠᠨ᠎ᠠ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠤᠨ ᠲᠡᠭᠦᠨ ᠤ ᠬᠠᠳᠤᠨ ᠯᠢᠨ ᠯᠢ ᠴᠠᠨ ᠤ ᠪᠠᠷ᠎ᠠ ᠪᠤᠯᠤᠯᠭ᠎ᠠ ᠲᠠᠢ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠬᠤ ᠳᠤ᠂ ᠲᠠᠯᠠᠪᠠᠢ ᠳᠠᠶᠠᠭᠠᠷ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠲᠠᠰᠢᠪᠠ᠃       ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠪᠡᠯᠭᠡᠯᠡᠬᠦ ᠶᠡᠭᠡ ᠬᠤᠷᠠᠯ ᠵᠢᠴᠢ ᠲᠤᠰᠢᠶᠠᠯ ᠳᠤ ᠭᠠᠷᠬᠤ ᠶᠣᠰᠣᠯᠠᠯ ᠡᠬᠢᠯᠡᠵᠠᠢ᠃ ᠪᠦᠬᠦᠳᠡᠭᠡᠷ ᠢᠶᠠᠨ ᠪᠣᠰᠴᠤ ᠵᠣᠭᠰᠣᠨ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠵᠠᠭᠠᠪᠠ᠃       ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠳᠤ ᠭᠠᠷᠴᠤ ᠲᠠᠩᠭᠠᠷᠢᠭᠯᠠᠬᠤ ᠶᠢ ᠬᠢᠨᠠᠪᠠ᠃ ᠯᠢ ᠵᠢᠶᠠ ᠴᠤᠤ ᠡᠩ ᠲᠡᠷᠢᠭᠦᠨ ᠳᠤ ᠲᠤᠰᠢᠶᠠᠯ ᠳᠤ ᠭᠠᠷᠬᠤ ᠲᠠᠩᠭᠠᠷᠢᠭ ᠬᠢᠪᠡ᠂ ᠲᠡᠷᠡ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ᠂ ᠤᠯᠤᠰ ᠤᠨ ᠰᠦᠯᠳᠡ ᠪᠣᠯᠤᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠷᠤᠨ ᠤ ᠲᠤᠭ ᠲᠤ ᠬᠠᠨᠳᠤᠵᠤ᠂ ᠪᠠᠷᠠᠭᠤᠨ ᠭᠠᠷ ᠢᠶᠠᠨ ᠡᠷᠭᠦᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠦᠨᠳᠦᠰᠦ ᠪᠣᠯᠬᠤ ᠬᠠᠤᠯᠢ ᠶᠢᠨ ᠲᠣᠭᠲᠠᠭᠠᠯ ᠶᠣᠰᠣᠭᠠᠷ ᠲᠥᠪ ᠴᠢᠩᠭ᠎ᠠ ᠪᠠᠷ ᠲᠠᠩᠭᠠᠷᠢᠭᠯᠠᠪᠠ᠃       ᠵᠠᠯᠭᠠᠭᠠᠳ᠂ ᠰᠢ ᠶᠢᠨ ᠫᠢᠩ ᠲᠠᠩᠭᠠᠷᠢᠭᠯᠠᠬᠤ ᠶᠢ ᠬᠢᠨᠠᠵᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠭᠤᠣᠯ ᠠᠯᠪᠠᠨ ᠲᠤᠰᠢᠶᠠᠯᠲᠠᠳ ᠯᠢ ᠵᠢᠶᠠ ᠴᠤᠤ ᠶᠢᠨ ᠲᠠᠭᠠᠭᠤᠯᠭ᠎ᠠ ᠪᠠᠷ ᠲᠤᠰᠢᠶᠠᠯ ᠳᠤ ᠭᠠᠷᠬᠤ ᠲᠠᠩᠭᠠᠷᠢᠭ ᠬᠢᠪᠡ᠃       ᠲᠠᠷᠠᠭ᠎ᠠ ᠨᠢ᠂ ᠯᠢ ᠵᠢᠶᠠ ᠴᠤᠤ ᠲᠠᠩᠭᠠᠷᠢᠭᠯᠠᠬᠤ ᠶᠢ ᠬᠢᠨᠠᠵᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠬᠤᠷᠠᠯ ᠤᠨ ᠪᠦᠷᠢᠯᠳᠦᠬᠦᠨ ᠨᠠᠷ ᠲᠤᠰᠢᠶᠠᠯ ᠳᠤ ᠭᠠᠷᠬᠤ ᠲᠠᠩᠭᠠᠷᠢᠭ ᠬᠢᠪᠡ᠃       ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠰᠢᠶᠠᠩᠭᠠᠩ ᠤᠨ ᠪᠦᠬᠦ ᠰᠠᠭᠤᠭᠠᠯᠢ ᠠᠷᠠᠳ ᠲᠤ ᠴᠢᠩ ᠰᠡᠳᠭᠢᠯ ᠤᠨ ᠮᠡᠨᠳᠦᠴᠢᠯᠡᠯ ᠬᠦᠷᠬᠡᠵᠦ᠂ ᠰᠢᠨ᠎ᠡ ᠪᠠᠷ ᠲᠤᠰᠢᠶᠠᠯ ᠳᠤ ᠭᠠᠷᠤᠭᠰᠠᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠤᠨ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠭᠤᠣᠯ ᠪᠣᠯᠬᠤ ᠠᠯᠪᠠᠨ ᠲᠤᠰᠢᠶᠠᠯᠲᠠᠳ᠂ ᠵᠠᠰᠠᠭ ᠵᠠᠬᠢᠷᠭᠠᠨ ᠤ ᠬᠤᠷᠠᠯ ᠤᠨ ᠪᠦᠷᠢᠯᠳᠦᠬᠦᠨ ᠨᠠᠷ ᠲᠤ ᠬᠠᠯᠠᠭᠤᠨ ᠪᠠᠶᠠᠷ ᠬᠦᠷᠭᠡᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠰ ᠢ ᠳᠡᠮᠵᠢᠭᠰᠡᠨ᠂ ᠰᠢᠶᠠᠩᠭᠠᠩ ᠤᠨ ᠬᠥᠭᠵᠢᠯ ᠴᠡᠴᠡᠭᠯᠡᠯ ᠲᠣᠭᠲᠠᠭᠤᠨ ᠢ ᠳᠡᠮᠵᠢᠭᠰᠡᠨ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠡᠷ ᠪᠣᠯᠤᠨ ᠤᠯᠠᠨ ᠤᠯᠤᠰ ᠤᠨ ᠨᠥᠬᠦᠷᠰᠡᠭ ᠬᠥᠮᠦᠰ ᠲᠤ ᠴᠢᠩ ᠰᠡᠳᠭᠢᠯ ᠤᠨ ᠲᠠᠯᠠᠷᠬᠠᠯ ᠳᠡᠪᠰᠢᠭᠦᠯᠪᠡ᠃       ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠨᠢ ᠳᠤᠮᠳᠠᠳᠤ ᠶᠢᠨ ᠦᠨᠳᠦᠰᠦᠲᠡᠨ ᠤ ᠡᠪᠦᠭᠡ ᠳᠡᠭᠡᠳᠦᠰ ᠤᠨ ᠯᠢᠩᠨᠠᠨ ᠣᠷᠣᠨ ᠳᠤ ᠰᠢᠷᠭᠠᠭᠤ ᠬᠠᠲᠠᠭᠤᠵᠢᠯᠲᠠᠢ ᠠᠵᠤ ᠲᠦᠷᠦᠵᠤ ᠪᠠᠶᠢᠭᠰᠠᠨ ᠢ ᠲᠡᠮᠳᠡᠭᠯᠡᠵᠦ ᠪᠠᠶᠢᠨ᠎ᠠ᠃ ᠬᠠᠷ᠎ᠠ ᠲᠠᠮᠠᠬᠢ ᠶᠢᠨ ᠲᠠᠶᠢᠨ ᠤ ᠳᠠᠷᠠᠭᠠᠬᠢ ᠳᠤᠮᠳᠠᠳᠤ ᠤᠯᠤᠰ ᠤᠨ ᠣᠷᠴᠢᠨ ᠦᠶ᠎ᠡ ᠶᠢᠨ ᠲᠡᠦᠬᠡ ᠨᠢ ᠰᠢᠶᠠᠩᠭᠠᠩ ᠢ ᠠᠷᠭ᠎ᠠ ᠪᠤᠰᠤ ᠬᠡᠰᠡᠭᠯᠡᠨ ᠥᠭᠭᠦᠭᠰᠡᠨ ᠭᠤᠲᠤᠮᠰᠢᠭ ᠢ ᠲᠡᠮᠳᠡᠭᠯᠡᠵᠦ᠂ ᠨᠡᠩ ᠴᠤ ᠳᠤᠮᠳᠠᠳᠤ ᠶᠢᠨ ᠬᠥᠪᠡᠭᠦᠳ ᠥᠬᠢᠳ ᠤᠨ ᠤᠯᠤᠰ ᠬᠦᠷᠦᠨ ᠢᠶᠠᠨ ᠮᠥᠬᠦᠯ ᠠᠴᠠ ᠠᠪᠤᠷᠠᠬᠤ ᠭᠡᠰᠡᠨ ᠡᠰᠡᠷᠭᠦᠴᠡᠯ ᠢ ᠲᠡᠮᠳᠡᠭᠯᠡᠵᠦ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠰᠦᠷ ᠳᠠᠯᠠᠶᠢᠴᠠᠲᠠᠢ ᠵᠠᠭᠤᠨ ᠵᠢᠯ ᠤᠨ ᠲᠡᠮᠡᠴᠡᠯ ᠤᠨ ᠲᠡᠦᠬᠡ ᠨᠢ ᠰᠢᠶᠠᠩᠭᠠᠩ ᠤᠨ ᠠᠬ᠎ᠠ ᠳᠡᠭᠦᠦ ᠨᠡᠷ ᠤᠨ ᠦᠵᠡᠭᠦᠯᠦᠭᠰᠡᠨ ᠥᠪᠡᠷᠮᠢᠴᠡ ᠪᠥᠭᠡᠳ ᠴᠢᠬᠤᠯᠠ ᠬᠤᠪᠢ ᠨᠡᠮᠡᠷᠢ ᠶᠢ ᠲᠡᠮᠳᠡᠭᠯᠡᠵᠦ ᠪᠠᠶᠢᠨ᠎ᠠ᠃ ᠲᠡᠦᠬᠡᠨ ᠠᠴᠠ ᠨᠠᠭᠠᠰᠢ᠂ ᠰᠢᠶᠠᠩᠭᠠᠩ ᠤᠨ ᠠᠬ᠎ᠠ ᠳᠡᠭᠦᠦ ᠨᠡᠷ ᠢᠮᠠᠭᠲᠠ ᠡᠬᠡ ᠤᠯᠤᠰ ᠲᠠᠢ ᠪᠠᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠴᠢᠰᠤ ᠮᠢᠬᠠᠨ ᠤ ᠪᠠᠷᠢᠯᠳᠤᠯᠭ᠎ᠠ ᠲᠠᠢ ᠶᠤᠮ ᠭᠡᠵᠤ ᠴᠢᠬᠤᠯᠠᠴᠢᠯᠠᠵᠠᠢ᠃       ᠰᠢ ᠶᠢᠨ ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠦᠨᠳᠦᠰᠦᠨ ᠵᠣᠷᠢᠯᠲᠠ ᠪᠣᠯ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ ᠲᠣᠭᠲᠠᠭᠤᠨ ᠢ ᠪᠠᠲᠤᠯᠠᠬᠤ ᠶᠠᠪᠤᠳᠠᠯ ᠪᠣᠯᠤᠨ᠎ᠠ᠃ ᠲᠥᠪ ᠵᠠᠰᠠᠭ ᠤᠨ ᠣᠷᠳᠣᠨ ᠤ ᠬᠢᠵᠦ ᠪᠠᠶᠢᠭ᠎ᠠ ᠠᠯᠢᠪᠠ ᠪᠦᠬᠦᠨ ᠪᠣᠯ ᠴᠥᠮ ᠤᠯᠤᠰ ᠬᠡᠷ ᠤᠨ ᠰᠠᠶᠢᠨ ᠰᠠᠶᠢᠬᠠᠨ ᠤ ᠲᠥᠯᠥᠭᠡ᠂ ᠰᠢᠶᠠᠩᠭᠠᠩ ᠣᠣᠮᠧᠨ ᠤ ᠰᠠᠶᠢᠨ ᠰᠠᠶᠢᠬᠠᠨ ᠤ ᠲᠥᠯᠥᠭᠡ᠂ ᠰᠢᠶᠠᠩᠭᠠᠩ ᠣᠣᠮᠧᠨ ᠤ ᠠᠬ᠎ᠠ ᠳᠡᠭᠦᠦ ᠨᠡᠷ ᠤᠨ ᠰᠠᠶᠢᠨ ᠰᠠᠶᠢᠬᠠᠨ ᠤ ᠲᠥᠯᠥᠭᠡ ᠶᠤᠮ᠃      ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠦᠢᠯᠡᠳᠦᠯᠭᠡ ᠶᠢᠨ ᠲᠠᠬᠢᠨ ᠳᠠᠪᠲᠠᠭᠰᠠᠨ ᠰᠢᠯᠭᠠᠯᠲᠠ ᠶᠢ ᠥᠩᠭᠡᠷᠡᠭᠡᠭᠰᠡᠨ᠂ ᠤᠯᠤᠰ᠂ ᠦᠨᠳᠦᠰᠦᠲᠡᠨ ᠤ ᠦᠨᠳᠦᠰᠦᠨ ᠠᠰᠢᠭ ᠲᠤᠰᠠ ᠳᠤ ᠨᠡᠶᠢᠴᠡᠵᠦ᠂ ᠰᠢᠶᠠᠩᠭᠠᠩ᠂ ᠣᠣᠮᠧᠨ ᠤ ᠦᠨᠳᠦᠰᠦᠨ ᠠᠰᠢᠭ ᠲᠤᠰᠠ ᠳᠤ ᠨᠡᠶᠢᠴᠡᠵᠦ᠂ ᠡᠭᠡ ᠤᠯᠤᠰ ᠤᠨ 14 ᠳ᠋ᠦᠩᠰᠢᠭᠤᠷ ᠭᠠᠷᠤᠢ ᠠᠷᠠᠳ ᠲᠦᠮᠡᠨ ᠤ ᠬᠦᠴᠦᠲᠡᠢ ᠳᠡᠮᠵᠢᠯᠭᠡ ᠶᠢ ᠣᠯᠵᠤ᠂ ᠰᠢᠶᠠᠩᠭᠠᠩ᠂ ᠣᠣᠮᠧᠨ ᠤ ᠰᠠᠭᠤᠭᠠᠯᠢ ᠠᠷᠠᠳ ᠤᠨ ᠰᠠᠨᠠᠯ ᠨᠢᠭᠡᠲᠡᠢ ᠬᠦᠷᠢᠶᠡᠯᠡᠯ ᠢ ᠣᠯᠤᠭᠰᠠᠨ ᠪᠥᠭᠡᠳ ᠳᠡᠯᠡᠬᠡᠢ ᠨᠡᠶᠢᠭᠡᠮ ᠤᠨ ᠨᠡᠶᠢᠳᠡᠮ ᠤᠨ ᠵᠦᠪᠰᠢᠶᠡᠷᠡᠯ ᠢ ᠣᠯᠤᠭᠰᠠᠨ ᠶᠤᠮ᠃ ᠡᠶᠢᠮᠦ ᠰᠡᠶᠢᠠ ᠪᠠᠶᠢᠭᠤᠯᠤᠯ ᠢ ᠬᠤᠪᠢᠷᠠᠭᠤᠯᠬᠤ ᠶᠠᠮᠠᠷ ᠴᠤ ᠰᠢᠯᠳᠠᠭᠠᠨ ᠪᠠᠶᠢᠳᠠᠭ ᠤᠢᠭᠡᠢ᠂ ᠡᠷᠬᠡᠪᠰᠢ ᠤᠷᠳᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃       ᠰᠢ ᠶᠢᠨ ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠰᠢᠶᠠᠩᠭᠠᠩ ᠳᠠᠬᠢ ᠪᠠᠶᠠᠯᠢᠭ ᠦᠢᠯᠡᠳᠦᠯᠭᠡ ᠨᠢ ᠪᠢᠳᠡᠨ ᠳᠤ ᠮᠠᠰᠢ ᠤᠯᠠᠨ ᠡᠷᠬᠢᠮ ᠨᠠᠨᠳᠢᠨ ᠲᠤᠷᠰᠢᠯᠭ᠎ᠠ ᠦᠯᠡᠳᠡᠭᠡᠵᠦ ᠦᠭᠭᠦᠭᠰᠡᠨ ᠪᠥᠭᠡᠳ ᠪᠠᠰᠠ ᠴᠥᠭᠡᠨ ᠪᠤᠰᠤ ᠭᠦᠨᠵᠡᠭᠡᠢ ᠰᠡᠩᠬᠡᠷᠡᠭᠦᠯᠦᠯ ᠦᠯᠡᠳᠡᠭᠡᠵᠦ ᠦᠭᠴᠡᠢ᠃ ᠭᠠᠭᠴᠠ ᠬᠦ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠵᠢᠮ᠎ᠡ ᠶᠣᠰᠣ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠪᠡᠯ ᠰᠠᠶ᠋ᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠰ ᠤᠨ ᠢᠮᠠᠭᠲᠠ ᠵᠥᠪ ᠴᠢᠭᠯᠡᠯ ᠢᠶᠠᠷ ᠯᠠᠪᠳᠠᠭᠤᠨ ᠬᠤᠯᠠ ᠠᠶᠠᠯᠠᠬᠤ ᠶᠢ ᠪᠠᠲᠤᠯᠠᠵᠤ ᠴᠢᠳᠠᠨ᠎ᠠ᠃       ᠨᠢᠭᠡᠳᠦᠭᠡᠷ ᠲᠤ᠂ ᠡᠷᠬᠡᠪᠰᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠬᠤ ᠬᠡᠷᠡᠭᠲᠡᠢ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯ ᠨᠢᠭᠡᠨ ᠪᠦᠷᠢᠨ ᠪᠦᠲᠦᠨ ᠰᠢᠰᠲ᠋ᠧᠮ ᠮᠥᠨ᠃ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠣᠯ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢᠨ ᠬᠠᠮᠤᠭ ᠤᠨ ᠳᠡᠭᠡᠳᠦ ᠵᠠᠷᠴᠢᠮ ᠮᠥᠨ᠂ ᠡᠨᠡ ᠬᠦ ᠤᠷᠢᠲᠠᠯ ᠳᠣᠣᠷ᠎ᠠ ᠰᠢᠶᠠᠩᠭᠠᠩ᠂ ᠣᠣᠮᠧᠨ ᠤᠤᠯ ᠤᠨ ᠬᠥᠷᠥᠩᠭᠡᠲᠦ ᠶᠣᠰᠣᠨ ᠤ ᠪᠠᠶᠢᠭᠤᠯᠤᠯ ᠢᠶᠠᠨ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠵᠤ᠂ ᠳᠡᠭᠡᠳᠦ ᠬᠡᠮᠵᠢᠶᠡᠨ ᠤ ᠥᠪᠡᠷᠲᠡᠭᠡᠨ ᠵᠠᠰᠠᠬᠤ ᠡᠷᠬᠡ ᠶᠢ ᠡᠳ᠋ᠯᠡᠨ᠎ᠡ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠬᠤ ᠨᠢ ᠰᠢᠶᠠᠩᠭᠠᠩ᠂ ᠣᠣᠮᠧᠨ ᠳᠤ ᠬᠢᠵᠠᠭᠠᠯᠠᠰᠢ ᠦᠭᠡᠢ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠪᠤᠢ ᠪᠣᠯᠭᠠᠵᠤ ᠥᠭᠬᠦ ᠪᠣᠯᠤᠨ᠎ᠠ᠃ ︽ᠨᠢᠭᠡ ᠤᠯᠤᠰ︾ ᠤᠨ ᠵᠠᠷᠴᠢᠮ ᠪᠠᠲᠤ ᠪᠠᠬᠢ ᠪᠣᠯᠬᠤ ᠲᠤᠳᠤᠮ ︽ᠬᠤᠶᠠᠷ ᠪᠠᠶᠢᠭᠤᠯᠤᠯ︾ ᠤᠨ ᠳᠠᠪᠠᠭᠤᠯᠢᠭ ᠤᠯᠠᠮ ᠲᠤᠪᠤᠶᠢᠮ᠎ᠠ ᠪᠤᠯᠬᠤ ᠪᠤᠯᠤᠨ᠎ᠠ᠃       ᠬᠤᠶᠠᠳᠤᠭᠠᠷ ᠲᠤ᠂ ᠡᠷᠬᠡᠪᠰᠢ ᠲᠥᠪ ᠤᠨ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠣᠯᠤᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠥᠪ ᠵᠠᠰᠠᠭ ᠤᠨ ᠣᠷᠳᠣᠨ ᠣᠨᠴᠠᠭᠠᠢ ᠵᠠᠰᠠᠭ ᠵᠠᠬᠢᠷᠭᠠᠨ ᠤ ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠲᠠᠢ᠂ ᠡᠨᠡ ᠪᠣᠯ ᠣᠨᠴᠠᠭᠠᠢ ᠵᠠᠰᠠᠭ ᠵᠠᠬᠢᠷᠭᠠᠨ ᠤ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ ᠡᠬᠢ ᠦᠨᠳᠦᠰᠦ ᠮᠥᠨ᠂ ᠡᠭᠦᠨ ᠤ ᠵᠡᠷᠭᠡ ᠪᠠᠷ ᠲᠥᠪ ᠠᠴᠠ ᠣᠨᠴᠠᠭᠠᠢ ᠵᠠᠰᠠᠭ ᠵᠠᠬᠢᠷᠭᠠᠨ ᠤ ᠣᠷᠣᠨ ᠤ ᠬᠠᠤᠯᠢ ᠶᠣᠰᠣᠭᠠᠷ ᠡᠳ᠋ᠯᠡᠬᠦ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢ ᠭᠦᠢᠴᠡᠳ ᠬᠦᠨᠳᠦᠳᠭᠡᠨ ᠡᠷᠡᠰ ᠬᠠᠮᠠᠭᠠᠯᠠᠨ᠎ᠠ᠃ ᠲᠥᠪ ᠤᠨ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠬᠤ ᠪᠠ ᠣᠨᠴᠠᠭᠠᠢ ᠵᠠᠰᠠᠭ ᠵᠠᠬᠢᠷᠭᠠᠨ ᠤ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢ ᠪᠠᠲᠤᠯᠠᠬᠤ ᠪᠣᠯ ᠨᠢᠭᠡᠳᠦᠯᠲᠡᠢ ᠵᠣᠯᠭᠠᠯᠴᠠᠭᠰᠠᠨ ᠶᠠᠪᠤᠳᠠᠯ ᠪᠣᠯᠤᠨ᠎ᠠ᠂ ᠭᠠᠭᠴᠠ ᠬᠦ ᠡᠭᠦᠨ ᠢ ᠪᠡᠶᠡᠯᠡᠭᠦᠯᠪᠡᠯ ᠰᠠᠶ᠋ᠢ ᠣᠨᠴᠠᠭᠠᠢ ᠵᠠᠰᠠᠭ ᠵᠠᠬᠢᠷᠭᠠᠨ ᠤ ᠣᠷᠣᠨ ᠢ ᠰᠠᠶᠢᠲᠤᠷ ᠵᠠᠰᠠᠵᠤ ᠴᠢᠳᠠᠨ᠎ᠠ᠃       ᠭᠤᠷᠪᠠᠳᠤᠭᠠᠷ ᠲᠤ᠂ ︽ᠤᠯᠤᠰ ᠢᠶᠠᠨ ᠬᠠᠶᠢᠷᠠᠯᠠᠭᠴᠢᠳ ᠢᠶᠠᠷ ᠰᠢᠶᠠᠩᠭᠠᠩ ᠢ ᠵᠠᠰᠠᠭᠤᠯᠬᠤ︾ ᠶᠢ ᠡᠷᠬᠡᠪᠰᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠡᠷᠬᠡ ᠶᠢ ᠡᠷᠬᠡᠪᠰᠢ ᠤᠯᠤᠰ ᠢᠶᠠᠨ ᠬᠠᠶᠢᠷᠠᠯᠠᠭᠴᠢᠳ ᠤᠨ ᠭᠠᠷ ᠲᠤ ᠠᠳᠬᠤᠭᠤᠯᠬᠤ ᠬᠡᠷᠡᠭᠲᠡᠢ᠂ ᠡᠨᠡ ᠪᠣᠯ ᠳᠡᠯᠡᠬᠡᠢ ᠳ᠋ᠠᠬᠢᠨ ᠳᠤ ᠨᠡᠶᠢᠳᠡᠮ ᠬᠡᠷᠡᠭᠯᠡᠭᠳᠡᠵᠦ ᠪᠠᠶᠢᠭ᠎ᠠ ᠤᠯᠤᠰ ᠲᠦᠷᠦ ᠶᠢᠨ ᠵᠢᠮ᠎ᠡ ᠶᠣᠰᠣ ᠮᠥᠨ᠃ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠢ ᠬᠠᠮᠢᠶᠠᠷᠤᠨ ᠵᠠᠰᠠᠬᠤ ᠡᠷᠬᠡ ᠶᠢ ᠤᠯᠤᠰ ᠢᠶᠠᠨ ᠬᠠᠶᠢᠷᠠᠯᠠᠭᠴᠢᠳ ᠤᠨ ᠭᠠᠷ ᠲᠤ ᠪᠠᠲᠤ ᠡᠵᠡᠮᠳᠡᠭᠦᠯᠬᠦ ᠪᠣᠯ ᠰᠢᠶᠠᠩᠭᠠᠩ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠶᠠᠮᠠᠷᠪᠠ ᠦᠶ᠎ᠡ ᠳᠤ ᠴᠦ ᠭᠤᠶᠢᠪᠢᠯᠵᠠᠵᠤ ᠪᠣᠯᠬᠤ ᠦᠭᠡᠢ᠃ ᠬᠠᠮᠢᠶᠠᠷᠤᠨ ᠵᠠᠰᠠᠬᠤ ᠡᠷᠬᠡ ᠶᠢ ᠰᠠᠶᠢᠲᠤᠷ ᠰᠠᠬᠢᠨ ᠬᠠᠮᠠᠭᠠᠯᠠᠬᠤ ᠪᠣᠯ ᠳᠠᠷᠤᠢ ᠰᠢᠶᠠᠩᠭᠠᠩ ᠤᠨ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠰᠠᠬᠢᠨ ᠬᠠᠮᠠᠭᠠᠯᠠᠵᠤ᠂ ᠰᠢᠶᠠᠩᠭᠠᠩ ᠤᠨ 700 ᠭᠠᠷᠤᠢ ᠲᠦᠮᠡᠨ ᠰᠠᠭᠤᠭᠠᠯᠢ ᠠᠷᠠᠳ ᠤᠨ ᠬᠤᠪᠢ ᠪᠡᠶ᠎ᠠ ᠶᠢᠨ ᠬᠢᠨᠢ ᠠᠰᠢᠭ ᠲᠤᠰᠠ ᠶᠢ ᠰᠠᠬᠢᠨ ᠬᠠᠮᠠᠭᠠᠯᠠᠬᠤ ᠶᠠᠪᠤᠳᠠᠯ ᠪᠣᠯᠤᠨ᠎ᠠ᠃       ᠳᠥᠷᠪᠡᠳᠦᠭᠡᠷ ᠲᠤ᠂ ᠰᠢᠶᠠᠩᠭᠠᠩ ᠤᠨ ᠥᠪᠡᠷᠮᠢᠴᠡ ᠪᠠᠶᠢᠷᠢ ᠰᠠᠭᠤᠷᠢ ᠪᠠ ᠳᠠᠪᠠᠭᠤᠯᠢᠭ ᠲᠠᠯ᠎ᠠ ᠶᠢ ᠡᠷᠬᠡᠪᠰᠢ ᠪᠠᠲᠤᠯᠠᠬᠤ ᠬᠡᠷᠡᠭᠲᠡᠢ᠃ ᠡᠬᠡ ᠤᠯᠤᠰ ᠢᠶᠠᠨ ᠲᠦᠰᠢᠵᠦ᠂ ᠳᠡᠯᠡᠬᠡᠢ ᠳ᠋ᠠᠬᠢᠨ ᠲᠠᠢ ᠬᠤᠯᠪᠣᠯᠳᠤᠨ ᠨᠡᠪᠲᠡᠷᠡᠯᠴᠡᠬᠦ ᠪᠣᠯ ᠰᠢᠶᠠᠩᠭᠠᠩ ᠤᠨ ᠤᠯᠠᠨ ᠠᠴᠠ ᠬᠡᠲᠦᠶᠢᠳᠦᠭᠰᠡᠨ ᠳᠠᠪᠠᠭᠤᠯᠢᠭ ᠪᠣᠯᠤᠨ᠎ᠠ᠃ ᠲᠥᠪ ᠵᠠᠰᠠᠭ ᠤᠨ ᠣᠷᠳᠣᠨ ᠠᠴᠠ ᠰᠢᠶᠠᠩᠭᠠᠩ ᠤᠨ ᠤᠷᠳᠤ ᠬᠤᠭᠤᠴᠠᠭ᠎ᠠ ᠪᠠᠷ ᠥᠪᠡᠷᠮᠢᠴᠡ ᠪᠠᠶᠢᠷᠢ ᠰᠠᠭᠤᠷᠢ ᠪᠠ ᠳᠠᠪᠠᠭᠤᠯᠢᠭ ᠢᠶᠠᠨ ᠪᠠᠷᠢᠮᠲᠠᠯᠠᠬᠤ ᠶᠢ ᠪᠦᠷᠢᠮᠦᠰᠦᠨ ᠲᠡᠮᠵᠢᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ᠂ ᠤᠰᠤᠨ ᠵᠠᠮ ᠤᠨ ᠲᠡᠭᠡᠭᠡᠪᠦᠷᠢ᠂ ᠠᠷᠠᠯᠵᠢᠶᠠᠨ ᠤ ᠲᠥᠪ ᠪᠣᠯᠬᠤ ᠪᠠᠶᠢᠷᠢ ᠰᠠᠭᠤᠷᠢ ᠶᠢ ᠪᠠᠬᠢᠵᠢᠭᠦᠯᠦᠨ᠂ ᠴᠢᠯᠥᠭᠡᠲᠡᠢ ᠨᠡᠭᠡᠭᠡᠯᠲᠡᠲᠡᠢ ᠵᠢᠷᠤᠮᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠠᠮᠠᠭᠠᠯᠠᠵᠤ᠂ ᠡᠩ ᠤᠨ ᠬᠠᠤᠯᠢ ᠶᠢᠨ ᠲᠦᠷᠢᠮ ᠢ ᠪᠠᠷᠢᠮᠲᠠᠯᠠᠨ᠂ ᠰᠠᠭᠠᠳ ᠦᠭᠡᠢ ᠨᠡᠪᠲᠡᠷᠡᠬᠦ ᠳᠥᠭᠦᠮ ᠳᠥᠲᠡ ᠤᠯᠠᠨ ᠤᠯᠤᠰ ᠤᠨ ᠬᠠᠷᠢᠯᠴᠠᠭ᠎ᠠ ᠶᠢ ᠥᠷᠭᠡᠳᠭᠡᠨ᠎ᠡ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠰᠢᠶᠠᠩᠭᠠᠩ ᠴᠢᠬᠤᠯᠠ ᠶᠡᠭᠡ ᠬᠤᠪᠢ ᠨᠡᠮᠡᠷᠢ ᠦᠵᠡᠭᠦᠯᠬᠦ ᠨᠢ ᠯᠠᠪᠳᠠᠢ ᠭᠡᠵᠦ ᠵᠢᠭᠠᠵᠤ ᠭᠠᠷᠭᠠᠪᠠ᠃       ᠰᠢ ᠶᠢᠨ ᠫᠢᠩ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ 4 ᠲᠠᠯ᠎ᠠ ᠶᠢᠨ ᠬᠦᠰᠡᠯ ᠲᠠᠯᠪᠢᠵᠠᠢ᠄ ᠨᠢᠭᠡ ᠳᠤ᠂ ᠵᠠᠰᠠᠯᠲᠠ ᠶᠢᠨ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠰᠠᠶᠢᠨ ᠵᠠᠰᠠᠭ ᠢᠶᠠᠷ ᠴᠢᠳᠠᠮᠠᠭᠠᠢ ᠵᠠᠰᠠᠬᠤ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠬᠤᠶᠠᠷ ᠲᠤ᠂ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠰᠢᠶᠠᠩᠭᠠᠩ ᠤᠨ ᠨᠡᠶᠢᠭᠡᠮ ᠳᠤ ᠬᠠᠳᠠᠭᠠᠯᠠᠭᠳᠠᠵᠤ ᠪᠠᠶᠢᠭ᠎ᠠ ᠯᠤᠲᠤ ᠶᠡᠭᠡ ᠪᠦᠲᠦᠭᠡᠯᠴᠢ ᠬᠦᠴᠦᠨ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠠᠬᠤ ᠬᠡᠷᠡᠭᠲᠡᠢ᠃ ᠭᠤᠷᠪᠠ ᠳᠤ᠂ ᠠᠷᠠᠳ ᠤᠨ ᠠᠮᠢᠳᠤᠷᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠲᠠ ᠶᠢᠨ ᠠᠷᠠᠳ ᠲᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠲᠦᠷᠪᠡ ᠳᠤ᠂ ᠡᠶ᠎ᠡ ᠵᠣᠬᠢᠴᠠᠩᠭᠤᠢ ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠨᠡᠩ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠬᠡᠷᠡᠭᠲᠡᠢ᠃       ᠰᠢ ᠶᠢᠨ ᠫᠢᠩ᠂ ᠵᠠᠯᠠᠭᠤᠴᠤᠳ ᠢ ᠣᠨᠴᠠᠭᠠᠶᠢᠯᠠᠨ ᠬᠠᠯᠠᠮᠵᠢᠯᠠᠨ ᠬᠠᠶᠢᠷᠠᠯᠠᠬᠤ ᠬᠡᠷᠡᠭᠲᠡᠢ᠃ ᠵᠠᠯᠠᠭᠤᠴᠤᠳ ᠪᠠᠭᠠᠴᠤᠳ ᠢ ᠬᠥᠲᠥᠯᠥᠨ ᠳᠠᠭᠠᠭᠤᠯᠵᠤ ᠤᠯᠤᠰ ᠪᠠ ᠳᠡᠯᠡᠬᠡᠶ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠶ ᠲᠠᠨᠢᠭᠤᠯᠵᠤ᠂ ᠦᠨᠳᠦᠰᠦᠲᠡᠨ ᠤ ᠣᠮᠣᠭᠰᠢᠯᠲᠤ ᠰᠡᠳᠭᠢᠯᠭᠡ ᠪᠠ ᠡᠵᠡᠨ ᠬᠥᠮᠦᠨ ᠤ ᠤᠬᠠᠮᠰᠠᠷ ᠢ  ᠨᠢ ᠴᠢᠩᠭᠠᠳᠬᠠᠬᠤ ᠬᠡᠷᠡᠭᠲᠡᠶ᠃ ᠥᠷᠭᠡᠨ ᠤᠯᠠᠨ ᠵᠠᠯᠠᠭᠤᠴᠤᠳ ᠢ ᠬᠠᠪᠰᠤᠷᠤᠨ ᠰᠤᠷᠤᠯᠭ᠎ᠠ᠂ ᠠᠵᠢᠯ ᠣᠯᠬᠤ᠂ ᠦᠢᠯᠡᠰ ᠪᠤᠰᠬᠠᠬᠤ᠂ ᠠᠮᠢᠳᠤᠷᠠᠯ ᠪᠤᠰᠬᠠᠬᠤ ᠳᠤ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠤ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤᠨᠢ ᠨᠡᠩ ᠤᠯᠠᠨ ᠠᠵᠠ ᠲᠣᠬᠢᠶᠠᠯ ᠡᠭᠦᠳᠴᠦ ᠥᠭᠬᠦ ᠬᠡᠷᠡᠭᠲᠡᠢ᠃ ᠰᠢᠶᠠᠩᠭᠠᠩ ᠤᠨ ᠵᠠᠯᠠᠭᠤᠴᠤᠳ ᠨᠢᠭᠡ ᠪᠦᠷᠢ ᠴᠥᠮ ᠰᠠᠶᠢᠨ ᠰᠠᠶᠢᠬᠠᠨ ᠰᠢᠶᠠᠩᠭᠠᠩ ᠢ ᠪᠦᠳᠦᠭᠡᠨ ᠪᠠᠶᠢᠭᠤᠯᠬᠤ ᠡᠩᠨᠡᠭᠡᠨ ᠳᠤ ᠣᠷᠣᠯᠴᠠᠵᠤ᠂ ᠭᠠᠯ ᠵᠠᠯᠠᠭᠤ ᠨᠠᠰᠤ ᠪᠠᠷ ᠢᠶᠠᠨ ᠭᠤᠶᠢᠳᠠ ᠰᠠᠶᠢᠬᠠᠨ ᠠᠮᠢᠳᠤᠷᠠᠯ ᠢᠶᠠᠨ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃       ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠢᠭᠡᠨᠲᠡ ᠪᠤᠴᠠᠰᠢ ᠦᠭᠡᠢ ᠲᠡᠦᠬᠡ ᠶᠢᠨ ᠠᠬᠢᠴᠠ ᠳᠤ ᠣᠷᠣᠪᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠰᠢᠶᠠᠩᠭᠠᠩ ᠳᠠᠬᠢ ᠠᠮᠵᠢᠯᠲᠠ ᠲᠠᠢ ᠦᠢᠯᠡᠳᠦᠯᠭᠡ ᠶᠢ ᠠᠬᠢᠭᠤᠯᠬᠤ ᠪᠣᠯ ᠡᠨᠡ ᠬᠦ ᠲᠡᠦᠬᠡᠨ ᠠᠬᠢᠴᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠠᠭᠤᠤ ᠶᠡᠭᠡ ᠡᠬᠡ ᠤᠯᠤᠰ ᠤᠨ ᠡᠷᠡᠰ ᠪᠠᠲᠤ ᠳᠡᠮᠵᠢᠯᠭᠡ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢᠨ ᠪᠠᠲᠤ ᠴᠢᠩᠭ᠎ᠠ ᠪᠠᠲᠤᠯᠠᠭ᠎ᠠ ᠪᠠᠶᠢᠬᠤ ᠪᠤᠯᠬᠤᠷ ᠮᠠᠨ ᠤ ᠤᠯᠤᠰ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠳᠤ ᠰᠢᠶᠠᠩᠭᠠᠩ ᠯᠠᠪᠲᠠᠢ ᠨᠡᠩ ᠶᠡᠭᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ᠂ ᠯᠠᠪᠲᠠᠢ ᠡᠬᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠦᠩᠭᠡ ᠭᠡᠷᠡᠯ ᠢ ᠬᠠᠮᠲᠤ ᠪᠠᠷ ᠡᠳ᠋ᠯᠡᠬᠦ ᠪᠣᠯᠤᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠯᠢ ᠵᠢᠶᠠ ᠴᠤᠤ ᠪᠠᠶᠠᠷ ᠤᠨ ᠦᠭᠡ ᠳᠡᠭᠡᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠤᠭᠰᠠᠨ ᠤ ᠬᠤᠪᠢ ᠳᠤ᠂ ᠪᠢ ᠬᠢᠵᠠᠭᠠᠯᠠᠰᠢ ᠦᠭᠡᠢ ᠢᠷᠠᠭᠤ ᠠᠯᠳᠠᠷ ᠲᠠᠢ ᠰᠠᠨᠠᠭᠳᠠᠵᠤ ᠪᠠᠶᠢᠬᠤ ᠪᠥᠭᠡᠳ ᠬᠠᠷᠢᠭᠤᠴᠠᠯᠭ᠎ᠠ ᠬᠦᠨᠳᠦ ᠶᠡᠭᠡ ᠬᠡᠳᠡᠭ ᠢ ᠭᠦᠨ ᠣᠶᠢᠯᠠᠭᠠᠵᠤ ᠪᠠᠶᠢᠨ᠎ᠠ᠃ ᠪᠢ ᠬᠠᠮᠢᠶᠠᠷᠤᠨ ᠵᠠᠰᠠᠬᠤ ᠪᠦᠯᠬᠦᠮ ᠢᠶᠠᠨ ᠳᠠᠭᠠᠭᠤᠯᠤᠨ ᠪᠦᠬᠦ ᠬᠦᠴᠦ ᠪᠠᠷ ᠢᠶᠠᠨ ᠴᠢᠷᠮᠠᠶᠢᠵᠤ᠂ ᠰᠢᠶᠠᠩᠭᠠᠩ ᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠲᠠᠢ ᠪᠦᠯᠬᠦᠮᠳᠡᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠢᠶᠠᠷ ᠰᠢᠶᠠᠩᠭᠠᠩ ᠢ ᠵᠠᠰᠠᠭᠤᠯᠬᠤ︾ ᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠦᠨᠳᠦᠰᠦ ᠪᠣᠯᠬᠤ ᠬᠠᠤᠯᠢ ᠳᠤ ᠲᠣᠭᠲᠠᠭᠠᠭᠰᠠᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠦᠨᠳᠦᠰᠦᠨ ᠬᠠᠤᠯᠢ ᠶᠢᠨ ᠲᠦᠷᠢᠮ ᠤᠨ ᠡᠮᠬᠢ ᠳᠢᠭᠯᠢᠮ ᠢ ᠬᠠᠮᠠᠭᠠᠯᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠰᠢᠶᠠᠩᠭᠠᠩ ᠤᠨ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃       ᠳ᠋ᠢᠩ ᠰᠢᠤᠸᠠᠢ ᠰᠢᠶᠠᠩ᠂ ᠰᠢᠤᠢ ᠴᠢ ᠯᠢᠶᠠᠩ᠂ ᠱᠧᠨ ᠶᠤᠸᠠᠢ ᠶᠤᠸᠠᠢ᠂ ᠸᠠᠩ ᠢ᠂ ᠰᠢᠶᠠ ᠪᠣᠣ ᠯᠦᠩ ᠪᠡᠯᠭᠡᠯᠡᠬᠦ ᠶᠡᠭᠡ ᠬᠤᠷᠠᠯ ᠵᠢᠴᠢ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠪᠠ᠃       ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠵᠧᠨ ᠶᠢᠩ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠡᠭᠡᠷ᠎ᠠ ᠨᠢᠬᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ ᠵᠢᠴᠢ ᠰᠢᠶᠠᠩᠭᠠᠩ ᠤᠨ ᠡᠯ᠎ᠡ ᠡᠲᠡᠭᠡᠳ ᠤᠨ ᠲᠥᠯᠥᠭᠡᠯᠡᠭᠴᠢᠳ ᠪᠣᠯᠤᠨ ᠣᠨᠴᠠ ᠤᠷᠢᠭᠰᠠᠨ ᠬᠦᠨᠳᠦᠲᠦ ᠵᠣᠴᠢᠳ ᠪᠠᠰᠠ ᠪᠡᠯᠭᠡᠯᠡᠬᠦ ᠶᠡᠭᠡ ᠬᠤᠷᠠᠯ ᠵᠢᠴᠢ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠵᠠᠢ᠃ ︵ᠰᠢᠨᠬᠤᠸᠠ ᠬᠤᠷᠢᠶᠠᠨ ᠤ ᠰᠢᠶᠠᠩᠭᠠᠩ ᠤᠨ 7 ᠰᠠᠷ᠎ᠠ ᠶᠢᠨ 1 ᠤ ᠴᠠᠬᠢᠯᠭᠠᠨ ᠮᠡᠳᠡᠭᠡ︶
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ