︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ | ᠨᠦᠬᠦᠴᠡᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠲᠦᠷᠭᠡᠨ ᠬᠦᠭᠵᠢᠬᠦ ᠶᠢ ᠦᠨᠡᠨᠬᠦ ᠠᠬᠢᠭᠤᠯᠤᠨ᠂ ᠨᠡᠶᠢᠲᠡ ᠣᠯᠠᠨ ᠢᠶᠠᠷ ᠢᠶᠠᠨ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ | ᠡᠭᠦᠳᠬᠦ ᠶᠢ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠰᠡᠳᠬᠢᠴᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ | ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠴᠢᠨᠠᠷ ᠰᠠᠶᠢᠲᠠᠢ | ᠦᠢᠯᠡᠴᠢᠯᠡᠭᠡ ᠪᠠᠷ ᠪᠡᠯᠡ ᠣᠷᠣᠭᠤᠯᠤᠨ ᠦᠢᠯᠡᠰ ᠬᠥᠭᠵᠢᠭᠦᠯᠬᠦ ᠳᠤ ᠲᠥᠬᠦᠮ ᠦᠵᠡᠭᠦᠯᠵᠦ᠂ ᠶᠠᠰᠤ ᠴᠢᠨᠠᠷ ᠤᠨ ᠳᠡᠭᠡᠭᠰᠢᠯᠡᠯᠲᠡ ᠪᠠᠷ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠶᠡᠬᠡᠪᠡᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠵᠦ᠂ ᠬᠥᠬᠡᠬᠤᠲᠠ ᠶᠢᠨ ᠣᠳᠣᠬᠢᠴᠢᠯᠠᠭᠰᠠᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ | ᠬᠠᠩᠭᠠᠨ᠎ᠠ᠃ | ᠬᠤᠶᠠᠷ᠂ ᠭᠤᠣᠯ ᠠᠭᠤᠯᠭ᠎ᠠ | ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ | ᠠᠵᠢᠯ ᠤᠨ ᠲᠥᠰᠥᠯ︾ ᠢ ᠨᠡᠶᠢᠲᠡ ᠳᠥᠷᠪᠡᠨ ᠶᠡᠭᠡ ᠬᠡᠰᠡᠭ ᠲᠤ ᠬᠤᠪᠢᠶᠠᠪᠠ᠃ | ᠨᠢᠭᠡᠳᠦᠭᠡᠷ ᠬᠡᠰᠡᠭ ᠨᠢ ᠵᠢᠯᠤᠭᠤᠳᠬᠤ ᠦᠵᠡᠯ ᠰᠠᠨᠠᠭ᠎ᠠ ᠪᠣᠯᠣᠨ᠎ᠠ᠂ ᠡᠭᠦᠨ ᠳᠤ ︽ᠴᠢᠨᠠᠷ ᠰᠠᠶᠢᠲᠠᠢ ᠦᠢᠯᠡᠴᠢᠯᠡᠭᠡ ᠪᠠᠷ ᠪᠡᠯᠡ ᠣᠷᠣᠭᠤᠯᠤᠨ ᠦᠢᠯᠡᠰ | ᠬᠥᠭᠵᠢᠭᠦᠯᠬᠦ ᠳᠤ ᠲᠥᠬᠦᠮ ᠦᠵᠡᠭᠦᠯᠵᠦ᠂ ᠶᠠᠰᠤ ᠴᠢᠨᠠᠷ ᠤᠨ ᠳᠡᠭᠡᠭᠰᠢᠯᠡᠯᠲᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠶᠡᠬᠡᠪᠡᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ | ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠬᠦ︾ ᠵᠢᠯᠤᠭᠤᠳᠬᠤ ᠦᠵᠡᠯ ᠰᠠᠨᠠᠭ᠎ᠠ ᠶᠢ ᠳᠣᠳᠤᠷᠬᠠᠶᠢᠯᠠᠪᠠ᠃ | ᠬᠤᠶᠠᠳᠤᠭᠠᠷ ᠬᠡᠰᠡᠭ ᠨᠢ ᠬᠥᠭᠵᠢᠯᠲᠡ ᠶᠢᠨ ᠬᠠᠷᠠᠯᠲᠠ ᠪᠣᠯᠣᠨ᠎ᠠ᠂ ᠡᠭᠦᠨ ᠳᠤ 2022 ᠣᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠰᠢᠨ᠎ᠡ ᠪᠠᠷ ᠨᠡᠮᠡᠭᠳᠡᠭᠦᠯᠬᠦ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠪᠠ᠃ | ᠭᠤᠷᠪᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠣᠯᠣᠨ᠎ᠠ᠂ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠬᠡᠷᠬᠢᠨ ᠦᠨᠡᠨ ᠬᠦ ᠪᠠᠲᠤᠯᠠᠬᠤ ᠲᠤᠬᠠᠢ | ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠡᠭᠦᠨ ᠳᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠰᠢᠯᠢᠳᠡᠭᠵᠢᠭᠦᠯᠬᠦ᠂ ᠬᠤᠳᠠᠯᠳᠤᠭᠠᠨ ᠤ | ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠭᠦ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠴᠢᠯᠡᠭᠡ ᠶᠢ ᠴᠢᠩᠭᠠᠳᠬᠠᠬᠤ᠂ ᠭᠤᠥᠯᠴᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠬᠤ ᠵᠡᠷᠭᠡ ᠲᠠᠪᠤᠨ ᠲᠠᠯ᠎ᠠ ᠶᠢᠨ 23 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠃ | ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠬᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ᠂ ᠬᠢᠨᠠᠨ ᠰᠢᠯᠭᠠᠵᠤ ᠬᠢᠨᠠᠨ ᠬᠡᠮᠵᠢᠬᠦ ᠶᠢ ᠴᠢᠩᠭᠠᠳᠬᠠᠬᠤ᠂ ᠤᠬᠠᠭᠤᠯᠵᠤ ᠬᠥᠲᠥᠯᠥᠨ | ᠵᠢᠯᠤᠭᠤᠳᠬᠤ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠠᠴᠠ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ | ᠭᠤᠷᠪᠠ᠂ ᠭᠤᠣᠯ ᠪᠣᠯᠬᠤ ᠬᠢᠯᠠᠰ ᠴᠡᠭ | ᠨᠢᠭᠡ ᠳᠤ᠂ ᠬᠥᠭᠵᠢᠯᠲᠡ ᠶᠢᠨ ᠬᠠᠷᠠᠯᠲᠠ ᠶᠢ ᠲᠣᠳᠤᠷᠬᠠᠶᠢᠯᠠᠪᠠ᠃ ᠲᠥᠰᠥᠯ ᠳᠤ 2022 ᠣᠨ ᠤ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠰᠢᠨ᠎ᠡ ᠪᠠᠷ ᠨᠡᠮᠡᠭᠳᠡᠭᠦᠯᠬᠦ ᠬᠠᠷᠠᠯᠲᠠ ᠶᠢ ᠲᠣᠳᠣᠷᠬᠠᠢ ᠲᠣᠭᠲᠠᠭᠠᠪᠠ᠂ 2021 ᠣᠨ ᠤ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠰᠢᠨ᠎ᠡ ᠪᠠᠷ ᠨᠡᠮᠡᠭᠳᠡᠭᠰᠡᠨ ᠪᠠᠶᠢᠳᠠᠯ ᠢ ᠦᠨᠳᠦᠰᠦᠯᠡᠨ᠂ ᠡᠯ᠎ᠡ ᠬᠤᠰᠢᠭᠤ ᠰᠢᠶᠠᠨ ᠲᠣᠭᠤᠷᠢᠭ ᠤᠨ ᠪᠥᠬᠦ ᠬᠤᠲᠠ ᠶᠢᠨ | ᠨᠡᠮᠡᠭᠳᠡᠯ ᠳᠤ ᠡᠵᠡᠯᠡᠬᠦ ᠬᠠᠷᠢᠴᠠᠯ ᠢᠶᠠᠷ ᠡᠨᠡ ᠵᠢᠯ ᠪᠡᠶᠡᠯᠡᠭᠦᠯᠬᠦ ᠪᠠᠷ ᠵᠢᠱᠢᠭᠰᠡᠨ ᠨᠡᠮᠡᠭᠳᠡᠯ ᠤᠨ ᠬᠡᠮᠵᠢᠶ᠎ᠡ ᠶᠢ ᠵᠢᠭᠰᠠᠭᠠᠪᠠ᠃ | ᠬᠤᠶᠠᠷ ᠲᠤ ᠬᠠᠮᠲᠤᠷᠠᠨ ᠬᠦᠴᠦᠯᠡᠬᠦ ᠶᠢ ᠳᠣᠪᠤᠶᠢᠯᠭᠠᠪᠠ᠃ ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ | ᠲᠣᠪᠴᠢᠯᠠᠨ᠎ᠠ︶ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠣᠣᠷ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠲᠤᠰᠬᠠᠢ ᠠᠩᠭᠢ ᠭᠠᠷᠭᠠᠵᠤ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ | ᠲᠣᠬᠢᠷᠠᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠪᠦᠷᠢᠯᠳᠦᠭᠦᠨ ᠨᠢᠭᠡᠴᠡ ᠪᠠᠷ | ᠪᠦᠷᠢᠯᠳᠦᠭᠰᠡᠨ ᠬᠤᠲᠠ ᠶᠢᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠮᠠᠨ ᠤ ᠬᠤᠲᠠ ᠶᠢᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠳᠤᠷᠠᠯᠴᠠᠭ᠎ᠠ ᠬᠠᠮᠵᠢᠯᠴᠠᠭ᠎ᠠ ᠶᠢ ᠴᠢᠩᠭᠠᠳᠬᠠᠨ᠂ | ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ | ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠳᠠ ᠶᠢᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ | ᠡᠭᠦᠷᠭᠡ ᠬᠠᠷᠠᠯᠲᠠ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠷᠢᠯᠴᠠᠬᠤ ᠬᠥᠮᠥᠨ᠄ ᠯᠢᠦ ᠢᠦᠢ᠂ ᠬᠠᠷᠢᠯᠴᠠᠬᠤ ᠬᠡᠯᠪᠡᠷᠢ᠄ 5699710 | |