ᠴᠡᠴᠡᠭ ᠤᠨ ᠲᠣᠭᠤᠰᠣᠨ ᠤ ᠥᠳᠬᠡᠴᠡ ᠲᠠᠰᠤᠷᠠᠯᠲᠠ ᠦᠭᠡᠢ ᠨᠡᠮᠡᠭᠳᠡᠬᠦ ᠶᠢ ᠳᠠᠭᠠᠯᠳᠤᠨ᠂ ᠮᠠᠨ ᠤ ᠬᠤᠲᠠ ᠳᠤ ᠪᠠᠰᠠ ᠬᠠᠷᠰᠢᠮᠠᠲᠠᠭᠠᠢ ᠴᠢᠨᠠᠷᠲᠠᠢ | ᠬᠠᠮᠠᠷ ᠤᠨ ᠦᠷᠪᠢᠰᠦᠯ ᠤᠨ ᠣᠯᠠᠨ ᠡᠭᠦᠰᠬᠦ ᠤᠯᠠᠷᠢᠯ ᠪᠣᠯᠣᠯ᠎ᠠ᠂ ᠥᠷᠭᠡᠨ ᠣᠯᠠᠨ ᠬᠠᠷᠰᠢᠬᠤ ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ | ᠬᠠᠩᠭᠠᠬᠤ ᠶᠢᠨ ᠲᠥᠯᠥᠭᠡ᠂ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠡᠭᠡᠵᠢᠩ ᠤᠨ ᠲᠤᠰᠬᠠᠢ ᠮᠡᠷᠭᠡᠵᠢᠯᠲᠡᠨ ᠢ ᠡᠮᠨᠡᠯᠭᠡ ᠳᠡᠭᠡᠨ ᠤᠷᠢᠵᠤ | ᠡᠮᠴᠢᠯᠡᠭᠦᠯᠵᠦ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭ᠎ᠠ ᠨᠡᠶᠢᠲᠡ 7 ᠲᠤᠰᠬᠠᠢ ᠮᠡᠷᠭᠡᠵᠢᠯᠲᠡᠨ ᠪᠣᠶ᠂ ᠴᠥᠮ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠱᠢ ᠵᠢᠢ ᠲᠠᠨ ᠡᠮᠨᠡᠯᠭᠡ ᠶᠢᠨ ᠬᠤᠷᠢᠶᠠᠨ ᠤ ᠭᠠᠵᠢᠮᠠᠯ ᠤᠷᠪᠠᠯ ᠤᠨ ᠲᠥᠪ ᠠᠴᠠ ᠢᠷᠡᠵᠦ᠂ ᠢᠳᠡᠭᠡᠨ ᠳᠤ | ᠬᠠᠷᠰᠢᠬᠤ᠂ ᠴᠡᠴᠡᠭ ᠤᠨ ᠲᠣᠭᠤᠰᠣᠨ ᠳᠤ ᠬᠠᠷᠰᠢᠬᠤ᠂ ᠬᠠᠷᠰᠢᠬᠤ ᠲᠠᠢ ᠬᠤᠯᠪᠤᠭᠳᠠᠯ ᠪᠦᠬᠦᠢ ᠲᠦᠪᠡᠭᠲᠡᠢ ᠡᠪᠡᠳᠴᠢᠨ᠂ ᠬᠠᠷᠰᠢᠮᠠᠲᠠᠭᠠᠢ ᠴᠢᠨᠠᠷᠲᠠᠢ | ᠡᠪᠡᠳᠴᠢᠨ ᠢ ᠵᠠᠰᠠᠬᠤ ᠳᠠᠭᠠᠨ ᠴᠢᠳᠠᠮᠠᠭᠠᠢ᠃ ᠲᠤᠰᠬᠠᠢ ᠮᠡᠷᠭᠡᠵᠢᠯᠲᠡᠨ ᠤ ᠡᠮᠴᠢᠯᠡᠬᠦ ᠴᠠᠭ᠄ 7 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ | ᠡᠮᠦᠨ᠎ᠡ ᠠᠴᠠ 8 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠃ ᠡᠮᠴᠢᠯᠡᠬᠦ ᠭᠠᠵᠠᠷ᠄ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ | ᠬᠤᠷᠢᠶ᠎ᠠ ᠶᠢᠨ ᠡᠭᠦᠳᠡᠨ ᠡᠮᠨᠡᠯᠭᠡ ᠶᠢᠨ ᠬᠤᠶᠠᠳᠤᠭᠠᠷ ᠳᠠᠪᠬᠤᠷᠯᠢᠭ ᠤᠨ ᠭᠠᠵᠢᠮᠠᠯ ︵ᠬᠠᠷᠰᠢᠮᠠᠲᠠᠭᠠᠢ︶ ᠤᠷᠪᠠᠯ ᠤᠨ ᠰᠠᠯᠠᠭ᠎ᠠ᠂ ᠲᠤᠰᠬᠠᠢ ᠮᠡᠷᠭᠡᠵᠢᠯᠲᠡᠨ | ᠪᠦᠷᠢ ᠶᠢᠨ ᠡᠮᠴᠢᠯᠡᠬᠦ ᠬᠦᠮᠦᠨ ᠤ ᠲᠤᠭ᠎ᠠ ᠶᠢ 10 ᠠᠴᠠ 20 ᠬᠥᠮᠥᠨ ᠢᠶᠠᠷ ᠬᠢᠵᠠᠭᠠᠷᠯᠠᠨ᠎ᠠ᠃ | ᠡᠪᠡᠳᠴᠢᠨ ᠦᠵᠡᠭᠦᠯᠬᠦ ᠱᠠᠭᠠᠷᠳᠠᠯᠭ᠎ᠠ ᠲᠠᠢ ᠡᠪᠡᠳᠴᠢᠲᠡᠨ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠭᠠᠵᠢᠮᠠᠯ ︵ᠬᠠᠷᠰᠢᠮᠠᠲᠠᠭᠠᠢ︶ | ᠤᠷᠪᠠᠯ ᠤᠨ ᠰᠠᠯᠠᠭ᠎ᠠ ᠳᠤ ᠤᠷᠢᠳᠴᠢᠯᠠᠨ ᠪᠣᠯᠵᠣᠵᠤ ᠬᠠᠷᠰᠢᠯ ᠲᠦᠷᠦᠭᠦᠯᠦᠭᠴᠢ ᠶᠢ ᠪᠠᠶᠢᠴᠠᠭᠠᠯᠭᠠᠵᠤ ︵ᠪᠠᠶᠢᠴᠠᠭᠠᠨ ᠰᠢᠯᠭᠠᠬᠤ ᠴᠠᠭ᠄ ᠭᠠᠷᠠᠭ ᠪᠦᠷᠢ ᠶᠢᠨ | ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ︶᠂ ᠲᠤᠰᠬᠠᠢ ᠮᠡᠷᠭᠡᠵᠢᠯᠲᠡᠨ ᠤ ᠣᠨᠣᠰᠢᠯᠠᠨ ᠡᠮᠨᠡᠬᠦ ᠳᠤ ᠲᠥᠬᠦᠮ ᠪᠣᠯᠭᠠᠨ᠎ᠠ᠃ ᠡᠮᠴᠢᠯᠡᠬᠦ ᠳ᠋ᠤᠭᠠᠷ ᠨᠡᠭᠡᠭᠡᠬᠦ ᠴᠠᠭ᠄ | 7 ᠳ᠋ᠤᠭᠠᠷ ᠰᠠᠷ᠎ᠠ ᠶᠢᠨ 28 ᠤ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠬᠤᠶᠢᠨᠠᠬᠢ 16 ᠴᠠᠭ ᠲᠤ 7 ᠳ᠋ᠤᠭᠠᠷ ᠰᠠᠷ᠎ᠠ ᠶᠢᠨ 31 ᠤ ᠡᠳᠦᠷ ︵ | ᠭᠠᠷᠠᠭ ᠤᠨ ᠡᠳᠦᠷ︶ ᠠᠴᠠ 8 ᠳ᠋ᠤᠭᠠᠷ ᠰᠠᠷ᠎ᠠ ᠶᠢᠨ 2 ᠤᠨ ᠡᠳᠦᠷ ︵ᠭᠠᠷᠠᠭ ᠤᠨ ᠬᠤᠶᠠᠷ︶ ᠤᠨ ᠡᠮᠴᠢᠯᠡᠬᠦ ᠳ᠋ᠤᠭᠠᠷ ᠢ ᠨᠡᠭᠡᠭᠡᠨ᠎ᠡ︔ 8 ᠳ᠋ᠤᠭᠠᠷ ᠰᠠᠷ᠎ᠠ ᠶᠢᠨ | 3 ᠤ ᠡᠳᠦᠷ ︵ᠭᠠᠷᠠᠭ ᠤᠨ ᠭᠤᠷᠪᠠᠨ︶ ᠠᠴᠠ 8 ᠳ᠋ᠤᠭᠠᠷ ᠰᠠᠷ᠎ᠠ ᠶᠢᠨ 5 ᠤ ᠡᠳᠦᠷ ︵ᠭᠠᠷᠠᠭ ᠤᠨ ᠲᠠᠪᠤᠨ︶ ᠤᠨ ᠡᠮᠴᠢᠯᠡᠬᠦ ᠳ᠋ᠤᠭᠠᠷ ᠢ ᠸᠢᠴᠠᠲ ᠲᠠᠪᠴᠠᠩ ᠢ | ᠪᠠᠶᠢᠩᠭᠤ ᠠᠩᠬᠠᠷᠴᠤ ᠪᠣᠯᠵᠤᠭᠠᠷᠠᠢ᠂ ᠠᠰᠠᠭᠤᠨ ᠯᠠᠪᠯᠠᠬᠤ ᠤᠲᠠᠰᠤ᠄ 5281222᠃ |