ᠬᠤᠷᠢᠨᠭᠡᠷ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠤᠭᠰᠠᠨ ᠬᠠᠭᠠᠰ ᠵᠢᠯ ᠤᠨ ᠬᠢᠨᠠᠨ ᠵᠢᠯᠣᠭᠤᠳᠣᠯᠭ᠎ᠠ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/10
8.10和林格尔县巩固脱贫攻坚成果、全面推进乡村振兴工作半年督导工作座谈会召开.jpg
      8 ᠰᠠᠷ᠎ᠠ ᠶᠢᠨ 9 ᠤ ᠡᠳᠦᠷ᠂ ᠬᠤᠷᠢᠨᠭᠡᠷ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠤᠭᠰᠠᠨ ᠬᠠᠭᠠᠰ ᠵᠢᠯ ᠤᠨ ᠬᠢᠨᠠᠨ ᠵᠢᠯᠣᠭᠤᠳᠣᠯᠭ᠎ᠠ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠹᠦ᠋᠂ ᠰᠢᠶᠠᠨ ᠤ ᠳᠡᠳ᠋ ᠳᠠᠷᠤᠭ᠎ᠠ ᠳ᠋ᠦ᠋ ᠰᠢᠶᠤᠤ ᠭᠤᠸᠠᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳ᠋ᠦ᠋ ᠰᠢᠶᠤᠤ ᠭᠤᠸᠠᠩ ᠬᠤᠷᠢᠨᠭᠡᠷ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠵᠦ ᠬᠠᠷᠢᠭᠤ ᠲᠤᠰᠬᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ᠂ ᠡᠯ᠎ᠡ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠪᠠ᠃      ᠵᠠᠩ ᠹᠦ᠋᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠵᠦ ᠬᠠᠷᠢᠭᠤ ᠲᠤᠰᠬᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠮᠠᠲ᠋ᠧᠷᠢᠶᠠᠯ ᠤᠨ ᠲᠡᠭᠦᠯᠳᠡᠷᠵᠢᠯᠲᠡ ᠶᠢ ᠴᠢᠩᠭᠠᠳᠬᠠᠵᠤ᠂ ᠲᠣᠰᠬᠤᠨ ᠳᠤ ᠰᠠᠭᠤᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠵᠠᠩ ᠹᠦ᠋ ᠴᠢᠬᠤᠯᠠᠴᠢᠯᠠᠬᠤ ᠳᠠᠭᠠᠨ᠂ ᠡᠷᠦᠬᠡ ᠳᠤ ᠬᠦᠷᠴᠦ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠢᠳᠡᠪᠬᠢᠲᠡᠢ ᠪᠠᠷ ᠵᠣᠬᠢᠴᠠᠭᠤᠯᠤᠨ ᠬᠠᠮᠵᠢᠯᠴᠠᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠤᠨ ᠳᠠᠷᠠᠭ᠎ᠠ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠢᠨᠠᠨ ᠵᠢᠯᠣᠭᠤᠳᠬᠤ ᠳᠤᠭᠤᠶᠢᠯᠠᠩ ᠡᠷᠦᠬᠡ ᠳᠤ ᠬᠦᠷᠴᠦ ᠰᠤᠷᠪᠤᠯᠵᠢᠯᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠬᠤᠷᠢᠨᠭᠡᠷ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠡᠯ᠎ᠡ ᠵᠦᠢᠯ ᠤᠨ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ