ᠥᠪᠡᠷᠲᠡᠭᠡᠨ ᠵᠠᠰᠠᠬᠤ ᠣᠷᠣᠨ ᠤ ᠲᠦᠷᠦᠭᠦᠸ ᠪᠦᠯᠦᠭ ᠮᠤᠵᠢ ᠶᠢᠨ ᠲᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠶᠢᠨ ᠨᠡᠷᠡᠰ ᠢ ᠨᠡᠶᠢᠲᠡᠯᠡᠪᠡ ᠮᠠᠨ ᠤ ᠬᠤᠲᠠ ᠶᠢᠨ 3 ᠵᠢᠭᠤᠯᠴᠢᠯᠠᠯ ᠤᠨ ᠠᠵᠤ ᠠᠬᠤᠶᠢᠯᠠᠯ ᠰᠣᠩᠭᠤᠭᠳᠠᠪᠠ
ᠨᠡᠶᠢᠲᠡᠯᠡᠭᠰᠡᠨ ᠴᠠᠭ᠄
2022/8/10
      ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ᠲᠦᠷᠦᠭᠦᠦ ᠪᠦᠯᠦᠭ ᠮᠤᠵᠢ ᠶᠢᠨ ᠲᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠶᠢ ᠨᠡᠶᠢᠲᠡᠯᠡᠵᠦ᠂ ᠨᠡᠶᠢᠲᠡ 24 ᠨᠢᠭᠡᠴᠡ ᠰᠣᠩᠭᠤᠭᠳᠠᠵᠠᠢ᠃ ᠡᠭᠦᠨ ᠳᠤ ᠮᠠᠨ ᠤ ᠬᠤᠲᠠ ᠶᠢᠨ 3 ᠵᠢᠭᠤᠯᠴᠢᠯᠠᠯ ᠤᠨ ᠠᠵᠤ ᠠᠬᠤᠶᠢᠯᠠᠯ ᠰᠣᠩᠭᠤᠭᠳᠠᠭᠰᠠᠨ ᠪᠠᠶᠢᠨ᠎ᠠ᠃      ᠡᠨᠡ 3 ᠵᠢᠭᠤᠯᠴᠢᠯᠠᠯ ᠤᠨ ᠠᠵᠤ ᠠᠬᠤᠶᠢᠯᠠᠯ ᠨᠢ ᠲᠣᠰ ᠲᠣᠰ᠄ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠪᠠ ᠥᠪᠥᠷ ᠮᠣᠩᠭᠤᠯ ᠤᠨ ᠵᠥᠩ ᠰᠢᠨ ᠣᠯᠠᠨ ᠤᠯᠤᠰ ᠤᠨ ᠵᠢᠭᠤᠯᠴᠢᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ᠎ᠠ᠃      ᠲᠠᠨᠢᠯᠴᠠᠭᠤᠯᠤᠭᠰᠠᠨ ᠢᠶᠠᠷ᠂ ᠮᠤᠵᠢ ᠶᠢᠨ ᠲᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠶᠢᠨ ᠰᠢᠯᠭᠠᠷᠠᠭᠤᠯᠤᠯᠲᠠ ᠶᠢ ᠪᠣᠯᠪᠠᠰᠤᠨ ᠵᠢᠭᠤᠯᠴᠢᠯᠠᠯ ᠤᠨ ᠠᠵᠢᠯ ᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠠᠵᠢᠯ ᠲᠥᠷᠥᠯ ᠤᠨ ᠪᠣᠯᠪᠠᠰᠤᠨ ᠵᠢᠭᠤᠯᠴᠢᠯᠠᠯ ᠤᠨ ᠠᠵᠢᠯ ᠤᠨ ᠬᠢᠷᠢ ᠲᠦᠪᠰᠢᠨ ᠪᠠ ᠵᠢᠭᠤᠯᠴᠢᠯᠠᠭᠴᠢᠳ ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠲᠣᠬᠢᠷᠠᠭᠤᠯᠤᠭᠰᠠᠨ ᠶᠤᠮ᠃ ᠰᠢᠯᠭᠠᠨ ᠦᠨᠡᠯᠡᠬᠦ ᠠᠭᠤᠯᠭ᠎ᠠ ᠨᠢ ᠳᠦᠷᠢᠮ ᠤᠨ ᠪᠠᠶᠢᠭᠤᠯᠤᠯᠲᠠ᠂  ᠠᠷᠢᠭᠤᠨ ᠴᠡᠪᠡᠷ ᠣᠷᠴᠢᠨ ᠲᠣᠭᠤᠷᠢᠨ᠂ ᠦᠢᠯᠡᠴᠢᠯᠡᠭᠡᠨ ᠤ ᠶᠠᠰᠤ ᠴᠢᠨᠠᠷ᠂ ᠤᠬᠠᠭᠤᠯᠤᠨ ᠬᠥᠲᠥᠯᠥᠨ ᠵᠢᠯᠤᠭᠤᠳᠬᠤ᠂ ᠦᠢᠯᠡᠳᠦᠯᠭᠡ ᠶᠢᠨ ᠠᠵᠢᠯᠯᠠᠭ᠎ᠠ ᠵᠡᠷᠭᠡ ᠳᠤ ᠬᠤᠯᠪᠣᠭᠳᠠᠨ᠎ᠠ᠃ ᠡᠭᠦᠨ ᠤ ᠬᠠᠮᠲᠤ᠂ ᠮᠤᠵᠢ ᠶᠢᠨ ᠲᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠳᠤ ᠬᠥᠳᠡᠯᠦᠩᠭᠦᠢ ᠬᠠᠮᠢᠶᠠᠷᠤᠯᠲᠠ ᠬᠢᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ