ᠾᠧ ᠬᠠᠢ ᠳ᠋ᠦᠩ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/11
      ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠪᠦᠯᠦᠭ ᠬᠥᠮᠥᠰ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ᠂ ᠬᠥᠬᠡᠬᠤᠲᠠ ᠶᠢᠨ ᠰᠦᠢᠳᠬᠡᠯ ᠬᠤᠷᠢᠶᠠᠬᠤ ᠵᠡᠭᠦᠨ ᠦᠷᠳᠡᠭᠡ᠂ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠥᠬᠡᠬᠤᠲᠠ ᠶᠢᠨ 120 ᠡᠮᠴᠢᠯᠡᠭᠡᠨ ᠤ ᠲᠦᠷᠭᠡᠨ ᠠᠪᠤᠷᠠᠯᠳᠠ ᠶᠢᠨ ᠵᠢᠯᠤᠭᠤᠳᠬᠤ ᠲᠥᠪ᠂ ᠰᠠᠶᠢᠬᠠᠨ ᠲᠣᠭᠤᠷᠢᠭ ᠤᠨ ᠠᠨᠠᠭᠠᠬᠤ ᠤᠬᠠᠭᠠᠨ ᠤ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ᠂ ᠫᠧᠩ ᠰᠢᠨ ᠶᠢᠨ ᠶᠧᠦ ᠴᠧᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠠᠢ᠃      ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ᠂ ᠬᠥᠬᠡᠬᠤᠲᠠ ᠶᠢᠨ ᠰᠦᠢᠳᠬᠡᠯ ᠬᠤᠷᠢᠶᠠᠬᠤ ᠵᠡᠭᠦᠨ ᠥᠷᠲᠡᠭᠡᠨ ᠳᠤ᠂ ᠾᠧ ᠬᠠᠢ ᠳ᠋ᠦᠩ ᠰᠢᠨ᠎ᠡ ᠬᠤᠳᠠᠯᠳᠤᠨ ᠠᠪᠤᠭᠰᠠᠨ ᠪᠥᠭᠡᠮ ᠬᠦᠴᠢᠯ ᠤᠨ ᠦᠯᠢᠭᠡᠷ ᠠᠪᠬᠤ ᠲᠢᠩᠰᠡ ᠶᠢ ᠤᠭᠰᠠᠷᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠳᠦᠷ ᠪᠦᠷᠢ ᠶᠢᠨ ᠬᠥᠬᠡᠬᠤᠲᠠ ᠳᠤ ᠣᠷᠣᠬᠤ ᠬᠥᠮᠥᠨ ᠤ ᠤᠷᠤᠰᠬᠠᠯ ᠤᠨ ᠬᠡᠮᠵᠢᠶ᠎ᠡ ᠪᠠ ᠲᠡᠷᠭᠡ ᠬᠥᠰᠬᠡ ᠶᠢᠨ ᠲᠤᠭ᠎ᠠ ᠬᠡᠮᠵᠢᠶ᠎ᠡ ᠶᠢ ᠨᠠᠷᠢᠨ ᠨᠢᠮᠪᠠᠢ ᠠᠰᠠᠭᠤᠨ ᠯᠠᠪᠯᠠᠵᠤ᠂ ᠠᠵᠢᠯᠲᠠᠳ ᠲᠤ ᠺᠣᠳ᠋ ᠰᠢᠷᠪᠢᠬᠦ᠂ ᠳᠠᠩᠰᠠᠯᠠᠬᠤ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠵᠠᠬᠢᠪᠠ᠃      ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠥᠬᠡᠬᠤᠲᠠ ᠶᠢᠨ 120 ᠡᠮᠴᠢᠯᠡᠭᠡᠨ ᠤ ᠲᠦᠷᠭᠡᠨ ᠠᠪᠤᠷᠠᠯᠳᠠ ᠶᠢᠨ ᠵᠢᠯᠤᠭᠤᠳᠬᠤ ᠲᠥᠪ ᠪᠣᠯᠣᠨ ᠰᠠᠶᠢᠬᠠᠨ ᠲᠣᠭᠤᠷᠢᠭ ᠤᠨ ᠠᠨᠠᠭᠠᠬᠤ ᠤᠬᠠᠭᠠᠨ ᠤ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠲᠤ᠂ ᠾᠧ ᠬᠠᠢ ᠳ᠋ᠦᠩ ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠮᠦᠨ᠎ᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠣᠯᠣᠨ 120 ᠡᠮᠴᠢᠯᠡᠭᠡᠨ ᠤ ᠲᠦᠷᠭᠡᠨ ᠠᠪᠤᠷᠠᠯᠳᠠ ᠶᠢᠨ ᠵᠢᠯᠤᠭᠤᠳᠬᠤ ᠲᠥᠪ ᠤᠨ  ᠲᠣᠬᠢᠷᠠᠭᠤᠯᠤᠯᠲᠠ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠲᠤᠷᠰᠢᠯᠲᠠ ᠶᠢᠨ ᠲᠠᠰᠤᠭ ᠤᠨ ᠪᠠᠭᠠᠵᠢ ᠬᠡᠷᠡᠭᠰᠡᠯ ᠲᠣᠨᠤᠭ ᠲᠥᠬᠦᠭᠡᠷᠦᠮᠵᠢ ᠪᠣᠯᠣᠨ ᠲᠤᠰᠠᠭᠠᠷᠯᠠᠨ ᠠᠵᠢᠭᠯᠠᠬᠤ ᠴᠡᠭ ᠤᠨ ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠨ᠎ᠠ᠂ ᠶᠡᠭᠡ ᠬᠡᠪᠴᠢᠶᠡᠨ ᠤ ᠪᠥᠭᠡᠮ ᠬᠦᠴᠢᠯ  ᠢ ᠪᠠᠶᠢᠴᠠᠭᠠᠨ ᠰᠢᠯᠭᠠᠬᠤ ᠴᠢᠳᠠᠪᠤᠷᠢ ᠶᠢ ᠲᠦᠷᠭᠡᠬᠡᠨ ᠪᠤᠶ ᠪᠣᠯᠭᠠᠬᠤ ᠪᠣᠯ ᠲᠤᠶᠢᠯ ᠤᠨ ᠴᠢᠬᠤᠯᠠ ᠶᠤᠮ᠃ ᠴᠠᠭ ᠢ ᠠᠮᠵᠢᠨ ᠲᠣᠨᠤᠭ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ᠂ ᠪᠠᠶᠢᠴᠠᠭᠠᠨ ᠰᠢᠯᠭᠠᠬᠤ ᠠᠵᠢᠯᠲᠠᠨ ᠢ ᠪᠣᠯᠪᠠᠰᠤᠷᠠᠭᠤᠯᠬᠤ᠂ ᠡᠳ᠋ ᠪᠣᠳᠠᠰ ᠢ ᠲᠣᠬᠢᠷᠠᠭᠤᠯᠬᠤ᠂ ᠦᠢᠯᠡᠴᠢᠯᠡᠭᠡ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠡᠭᠦᠨ ᠤ ᠬᠠᠮᠲᠤ᠂ ᠠᠨᠠᠭᠠᠬᠤ ᠤᠬᠠᠭᠠᠨ ᠤ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠤᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠨᠠᠭᠠᠬᠤ ᠤᠬᠠᠭᠠᠨ ᠤ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠤᠨ ᠠᠵᠢᠯ ᠤᠨ ᠱᠠᠭᠠᠷᠳᠠᠯᠭ᠎ᠠ ᠪᠠ ᠠᠵᠢᠯᠯᠠᠬᠤ ᠶᠠᠪᠤᠴᠠ ᠶᠢ ᠴᠢᠩᠭ᠎ᠠ ᠵᠢᠷᠤᠮᠯᠠᠨ᠂ ᠲᠥᠪᠯᠡᠷᠡᠭᠦᠯᠦᠨ ᠲᠤᠰᠠᠭᠠᠷᠯᠠᠬᠤ ᠠᠵᠢᠯ ᠢ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠡᠢ᠃       ᠾᠧ ᠬᠠᠢ ᠳ᠋ᠦᠩ ᠨᠠᠷ ᠪᠠᠰᠠ ᠫᠧᠩ ᠰᠢᠨ ᠶᠢᠨ ᠶᠧᠦ ᠴᠧᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠠᠯᠳᠠᠭᠤᠷ ᠰᠤᠷᠪᠤᠯᠵᠢᠯᠠᠵᠤ᠂ ᠬᠤᠳᠠᠯᠳᠤᠭᠠᠨ ᠤ ᠲᠠᠯᠠᠪᠤᠷ ᠤᠨ ᠬᠠᠷᠢᠭᠤᠴᠠᠯᠭᠠᠲᠠᠨ ᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠺᠣᠳ᠋ ᠰᠢᠷᠪᠢᠬᠦ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢᠶᠠᠨ ᠬᠡᠮᠵᠢᠬᠦ᠂ ᠤᠬᠠᠮᠰᠠᠷ ᠠᠴᠠ ᠪᠠᠨ ᠺᠣᠳ᠋ ᠰᠢᠷᠪᠢᠬᠦ᠂ ᠡᠮᠬᠢ ᠵᠢᠷᠤᠮ ᠲᠠᠢ ᠪᠠᠷ ᠣᠷᠣᠵᠤ ᠭᠠᠷᠬᠤ ᠶᠢ ᠤᠬᠠᠭᠤᠯᠤᠨ ᠬᠥᠲᠥᠯᠥᠨ ᠵᠢᠯᠤᠭᠤᠳᠴᠤ᠂ ᠭᠤᠣᠯᠳᠠᠯᠭ᠎ᠠ ᠲᠠᠢ ᠬᠥᠮᠥᠰ ᠢ ᠴᠠᠭ ᠲᠤᠬᠠᠢ ᠳᠤᠨᠢ ᠬᠠᠮᠢᠶᠠᠷᠤᠨ ᠡᠵᠡᠮᠳᠡᠵᠦ ᠢᠯᠭᠠᠨ ᠲᠠᠨᠢᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠢ ᠭᠦᠨᠵᠡᠭᠡᠶᠢᠷᠡᠭᠦᠯᠵᠦ᠂ ᠪᠠᠷᠠᠭ᠎ᠠ ᠬᠤᠳᠠᠯᠳᠤᠨ ᠠᠪᠬᠤ ᠠᠶᠤᠯᠭᠦᠢ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠠᠬᠢᠪᠠ᠃      ᠬᠤᠲᠠ ᠶᠢᠨ ᠤᠳᠤᠷᠢᠳᠤᠯᠭ᠎ᠠ ᠰᠢᠶᠣᠣ ᠹᠠᠩ᠂ ᠵᠠᠩ ᠶᠦᠩ ᠸᠧᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ