ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠷᠢᠨᠭᠡᠷ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/12
      8 ᠰᠠᠷ᠎ᠠ ᠶᠢᠨ 6 ᠤ ᠡᠳᠦᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠴᠢ ᠵᠧᠨ ᠸᠧᠶ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠡᠷᠳᠡᠮᠳᠦ ᠬᠠᠮᠢᠶ᠎ᠠ ᠪᠥᠬᠦᠶ ᠠᠵᠢᠯᠲᠠᠨ ᠢ ᠳᠠᠭᠠᠭᠤᠯᠤᠨ ᠮᠠᠨ ᠤ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ᠃ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠬᠥᠮᠦᠰ ᠪᠠᠷ᠎ᠠ ᠪᠣᠯᠪᠠ᠃      ᠬᠢᠨᠠᠨ ᠵᠢᠯᠣᠭᠤᠳᠬᠤ ᠳᠤᠭᠤᠶᠢᠯᠠᠩ ᠤᠷᠢᠳ ᠬᠤᠵᠢᠳ ᠵᠢᠤᠢ ᠬᠤᠸᠠ ᠵᠣᠴᠢᠳ ᠤᠨ ᠪᠠᠭᠤᠳᠠᠯ᠂ ᠵᠧ ᠵᠢᠶᠠᠳᠦ᠋ ᠬᠡᠳᠦ ᠳᠡᠯᠭᠡᠭᠦᠷ᠂ ᠤᠯᠤᠰ ᠤᠨ ᠶᠡᠭᠡ ᠰᠤᠷᠭᠠᠭᠤᠯᠢ ᠶᠢᠨ ᠡᠮ ᠤᠨ ᠳᠡᠯᠭᠡᠭᠦᠷ ᠵᠡᠷᠭᠡ ᠭᠠᠵᠠᠷ ᠲᠤ ᠬᠦᠷᠴᠦ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠬᠡᠷᠡᠭᠯᠡᠭᠴᠢᠳ ᠤᠨ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ᠂ ︽ᠬᠥᠬᠡᠬᠤᠲᠠ ᠶᠢᠨ ᠺᠣᠳ᠋︾ ᠢ ᠬᠠᠷᠭᠤᠭᠤᠯᠤᠨ ᠪᠠᠶᠢᠴᠠᠭᠠᠬᠤ᠂ ᠳᠥᠷᠪᠡᠨ ᠲᠥᠷᠥᠯ ᠤᠨ ᠡᠮ ᠬᠤᠳᠠᠯᠳᠤᠨ ᠠᠪᠤᠭᠰᠠᠨ ᠪᠠᠶᠢᠳᠠᠯ ᠢ ᠦᠨᠡᠨ ᠨᠡᠷ᠎ᠡ ᠪᠠᠷ ᠳᠠᠩᠰᠠᠯᠠᠬᠤ᠂ ᠮᠡᠳᠡᠭᠡ ᠵᠠᠩᠭᠢ ᠶᠢ ᠬᠢᠨᠠᠨ ᠬᠡᠮᠵᠢᠬᠦ ᠵᠢᠴᠢ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠨᠢᠮᠪᠠᠶ ᠪᠠᠶᠢᠴᠠᠭᠠᠨ ᠦᠵᠡᠭᠰᠡᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠬᠠᠷᠢᠭᠤ ᠲᠤᠰᠬᠠᠵᠤ ᠵᠠᠯᠠᠷᠠᠭᠤᠯᠤᠨ᠂ ᠡᠵᠡᠩᠨᠡᠭᠴᠢᠳ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠢᠨᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠢᠨᠴᠦᠭᠦᠷᠡᠭᠦᠮᠡᠯ ᠦᠵᠡᠯ ᠰᠠᠨᠠᠭ᠎ᠠ ᠶᠢ ᠬᠤᠷᠢᠭᠯᠠᠵᠤ᠂ ᠡᠳᠦᠷ ᠲᠤᠳᠤᠮ ᠤᠨ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠨᠠᠶᠢᠳᠠᠪᠤᠷᠢᠵᠢᠭᠤᠯᠵᠤ᠂ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ ᠭᠡᠪᠡ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡ ᠠᠴᠠ ᠵᠦᠢᠴᠢᠯᠡᠵᠦ ᠬᠤᠶᠠᠷ ᠢ ᠮᠡᠳᠡᠬᠦ ᠶᠢ ᠪᠠᠷᠢᠮᠲᠠᠯᠠᠨ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠨᠠᠷᠢᠯᠢᠬᠵᠢᠭᠤᠯᠤᠨ ᠳᠠᠬᠢᠨ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠠᠲᠤᠳᠬᠠᠨ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ