ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠲᠤᠰᠬᠠᠶ ᠰᠡᠳᠦᠪᠲᠦ ᠰᠢᠯᠭᠠᠯᠲᠠ ᠶᠢᠨ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/12
8.12和林格尔县行政审批和政务服务局开展.jpg
      ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠲᠤᠰ ᠲᠣᠪᠴᠢᠶ᠎ᠠ ᠶᠢᠨ ᠠᠵᠢᠯᠲᠠᠨ ᠠᠵᠢᠯᠴᠢᠨ ᠺᠠᠳ᠋ᠷᠴᠤᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠨᠤᠯ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ 8 ᠰᠠᠷ᠎ᠠ ᠶᠢᠨ 10 ᠤ ᠡᠳᠦᠷ᠂ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠲᠤᠰᠬᠠᠢ ᠰᠡᠳᠦᠪᠲᠦ ᠰᠢᠯᠭᠠᠯᠲᠠ ᠶᠢᠨ ᠰᠡᠳᠦᠪ ᠬᠠᠷᠢᠭᠤᠯᠬᠤ ᠠᠵᠢᠯᠯᠠᠭ᠎ᠠ ᠶᠢ ᠥᠷᠨᠢᠭᠦᠯᠪᠡ᠃      ᠲᠤᠰ ᠤᠳᠠᠭᠠᠨ ᠤ ᠰᠢᠯᠭᠠᠯᠲᠠ ᠶᠢᠨ ᠠᠵᠢᠯᠯᠠᠭ᠎ᠠ ᠪᠠᠷ ᠳᠠᠮᠵᠢᠨ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠵᠤ᠂ ᠪᠦᠬᠦ ᠠᠵᠢᠯᠲᠠᠨ ᠠᠵᠢᠯᠴᠢᠨ ᠤ ᠺᠠᠳ᠋ᠷᠴᠤᠳ ᠤᠨ ᠨᠠᠮ ᠤᠨ ᠦᠨᠳᠦᠰᠦᠲᠡᠨ ᠤ ᠣᠨᠣᠯ ᠲᠦᠷᠦ ᠶᠢᠨ ᠪᠣᠳᠤᠯᠭ᠎ᠠ ᠶᠢ ᠡᠵᠡᠮᠰᠢᠬᠦ ᠶᠢ ᠪᠠᠲᠤᠳᠬᠠᠨ ᠭᠦᠨᠵᠡᠭᠡᠶᠢᠷᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠬᠤ ᠵᠣᠷᠢᠯᠭ᠎ᠠ ᠳᠠᠭᠠᠨ ᠬᠦᠷᠦᠭᠰᠡᠨ ᠮᠥᠷᠲᠡᠭᠡᠨ ᠮᠡᠳᠡᠯᠭᠡ ᠶᠢᠨ ᠬᠡᠪᠴᠢᠶ᠎ᠡ ᠶᠢ ᠴᠦ ᠥᠷᠭᠡᠳᠬᠡᠭᠰᠡᠨ ᠪᠠᠶᠢᠨ᠎ᠠ᠃ ᠡᠭᠦᠨ ᠤ ᠬᠠᠮᠲᠤ᠂ ᠣᠯᠠᠨ ᠢ ᠬᠥᠲᠥᠯᠥᠨ ᠵᠢᠯᠣᠭᠤᠳᠴᠤ ᠴᠠᠭ ᠲᠤᠬᠠᠶ ᠳᠤᠨᠢ ᠳᠤᠲᠠᠭᠳᠠᠯ ᠢ ᠨᠢ ᠪᠠᠶᠢᠴᠠᠭᠠᠨ ᠨᠥᠬᠦᠪᠥᠷᠢᠯᠡᠵᠦ᠂ ᠪᠠᠲᠤ ᠪᠠᠬᠢ ᠡᠵᠡᠮᠰᠢᠭᠰᠡᠨ ᠦᠭᠡᠢ ᠮᠡᠳᠡᠯᠭᠡ ᠶᠢᠨ ᠬᠡᠪᠴᠢᠶ᠎ᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠪᠦᠬᠦ ᠠᠵᠢᠯᠲᠠᠨ ᠠᠵᠢᠯᠴᠢᠨ ᠤ ᠺᠠᠳ᠋ᠷᠴᠤᠳ ᠤᠨ ᠨᠠᠮ ᠪᠠ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦ ᠶᠢᠨ ᠪᠣᠳᠤᠯᠭ᠎ᠠ ᠶᠢ ᠰᠤᠷᠤᠯᠴᠠᠨ ᠤᠬᠠᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠵᠥᠪ ᠣᠨᠣᠪᠴᠢᠲᠠᠶ ᠦᠨᠳᠦᠰᠦᠲᠡᠨ ᠤ ᠦᠵᠡᠯᠲᠡ ᠶᠢ ᠦᠨᠡᠨ ᠬᠦ ᠪᠣᠢ ᠪᠣᠯᠭᠠᠵᠤ᠂ ᠦᠨᠳᠦᠰᠦᠲᠡᠨ ᠤ ᠲᠦᠷᠦ ᠶᠢᠨ ᠪᠣᠳᠤᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠬᠥᠮᠦᠰ ᠤᠨ ᠰᠡᠳᠬᠢᠯ ᠳᠤ ᠬᠠᠳᠠᠩᠰᠢᠭᠤᠯᠤᠭᠰᠠᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ