ᠬᠤᠷᠢᠨᠭᠡᠷ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/12
8.12和林格尔县国有企业深化改革领导小组会议召开.jpg
      8 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠥᠬᠦ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠶᠡᠷᠦᠩᠬᠡᠶ ᠳᠠᠭᠠᠭᠠᠮᠠᠯ ᠢ ᠢᠯᠡ ᠪᠠᠷ ᠤᠷᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ︔ ᠰᠢᠶᠠᠨ ᠤ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ︔ ᠮᠠᠨ ᠤ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠵᠢᠯ ᠢ ᠲᠠᠬᠢᠨ ᠲᠣᠬᠢᠷᠠᠭᠤᠯᠵᠤ᠂ ᠲᠠᠬᠢᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠶᠢ ᠨᠢᠭᠡᠳᠬᠡᠵᠦ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠬᠦᠯᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠵᠦᠷᠢᠶᠡᠵᠢᠬᠦᠯᠦᠨ ᠬᠥᠭᠵᠢᠭᠦᠯᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠤᠨ ᠲᠤᠰ ᠲᠤᠰ ᠤᠨ ᠲᠤᠬᠠᠶᠢᠯᠠᠭᠰᠠᠨ ᠠᠵᠢᠯ ᠢ ᠥᠷᠭᠡᠳᠬᠡᠨ᠂ ᠴᠢᠰᠤ ᠪᠦᠲᠦᠭᠡᠬᠦ ᠴᠢᠳᠠᠪᠤᠷᠢ ᠶᠢ ᠨᠢ ᠴᠢᠩᠭᠠᠷᠠᠭᠤᠯᠵᠤ᠂ ᠢᠵᠢᠯᠰᠢᠭᠦᠯᠦᠨ ᠬᠥᠭᠵᠢᠭᠦᠯᠬᠦ ᠠᠰᠠᠭᠤᠳᠠᠯ ᠠᠴᠠ ᠪᠦᠲᠦᠮᠵᠢᠲᠡᠶ ᠪᠠᠷ ᠵᠠᠶᠢᠯᠠᠰᠬᠢᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯᠲᠠᠳ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠲᠠᠷᠠᠭᠠᠴᠢ ᠶᠢᠨ ᠠᠯᠬᠤᠮ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠤᠯᠳᠠᠯᠭ᠎ᠠ ᠳᠤ ᠪᠣᠲᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠸᠠᠩ ᠪᠦᠦ ᠫᠢᠩ᠂ ᠨᠢᠦ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ᠂ ᠰᠢᠶᠠᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ