2022 ᠣᠨ ᠤ ᠭᠤᠴᠢᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠮᠠᠷᠭᠠᠰᠢ ᠡᠬᠢᠯᠡᠨ᠎ᠡ
ᠨᠡᠶᠢᠲᠡᠯᠡᠭᠰᠡᠨ ᠴᠠᠭ᠄
2022/8/12
      ︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ ᠥᠴᠥᠭᠡᠳᠦᠷ ᠣᠶᠢᠯᠠᠭᠠᠭᠰᠠᠨ ᠢᠶᠠᠷ᠂ 2022 ᠣᠨ ᠤ ᠭᠤᠴᠢᠳᠤᠭᠠᠷ ᠬᠤᠭᠤᠴᠠᠭᠠᠨ ᠤ ᠥᠪᠥᠷ ᠮᠣᠩᠭᠤᠯ ᠤᠨ ᠤᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ 8 ᠳ᠋ᠤᠭᠠᠷ ᠰᠠᠷ᠎ᠠ ᠶᠢᠨ 13 ᠤ ᠡᠳᠦᠷ ᠠᠴᠠ 15 ᠤ ᠡᠳᠦᠷ ᠪᠣᠯᠲᠠᠯ᠎ᠠ ᠥᠪᠥᠷ ᠮᠣᠩᠭᠤᠯ ᠤᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ  ᠶᠠᠪᠤᠭᠳᠠᠬᠤ ᠪᠠᠷ ᠪᠠᠶᠢᠨ᠎ᠠ᠃      ᠲᠤᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠨᠢ ︽ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠭᠤᠣᠯ ᠰᠡᠳᠦᠪ ᠲᠠᠢ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠵᠦ᠂ ᠰᠣᠳᠣᠨ ᠪᠦᠲᠦᠭᠡᠯ ᠢ ᠳᠡᠯᠭᠡᠨ ᠦᠵᠡᠭᠦᠯᠵᠦ᠂ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠠᠬᠢᠭᠤᠯᠬᠤ︾ ᠦᠵᠡᠭᠦᠯᠦᠯᠭᠡ ᠶᠢᠨ ᠵᠣᠷᠢᠯᠲᠠ ᠪᠠ ︽ᠰᠢᠨᠵᠢᠯᠡᠬᠦ ᠤᠬᠠᠭᠠᠨᠴᠢ ᠪᠠᠷ ᠣᠷᠣᠨ ᠬᠤᠪᠢᠶᠠᠵᠤ ᠂ ᠠᠵᠤ ᠠᠬᠤᠶᠢᠯᠠᠯ ᠤᠨ ᠣᠨᠴᠠᠯᠢᠭ ᠢ ᠳᠣᠪᠤᠶᠢᠯᠭᠠᠬᠤ︾ ᠦᠵᠡᠭᠦᠯᠦᠯᠭᠡ ᠶᠢᠨ ᠵᠠᠷᠴᠢᠮ ᠢ ᠪᠠᠷᠢᠮᠲᠠᠯᠠᠵᠤ᠂ ︽ᠲᠡᠷᠢᠭᠦᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠭᠠᠷᠤᠯᠲᠠ ᠶᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ︾ ᠪᠠᠷ ᠬᠠᠷᠠᠯᠲᠠ ᠪᠣᠯᠭᠠᠨ᠂ ᠠᠯᠢ ᠣᠯᠠᠨ ᠤᠬᠠᠭᠤᠯᠬᠤ ᠪᠠ ᠳᠡᠯᠭᠡᠷᠡᠭᠦᠯᠬᠦ ᠠᠵᠢᠯ ᠢ ᠥᠷᠨᠢᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃      ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠤᠰᠤ ᠠᠷᠪᠢᠯᠠᠬᠤ ᠤᠰᠤᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠮᠠᠯ ᠤᠨ ᠡᠮ ᠲᠡᠵᠢᠭᠡᠯ ᠪᠣᠷᠳᠤᠭ᠎ᠠ᠂ ᠲᠠᠷᠢᠶᠠᠯᠠᠩ ᠣᠶ ᠰᠢᠭᠤᠢ ᠶᠢᠨ ᠪᠦᠲᠦᠭᠡᠭᠳᠡᠬᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠲᠤᠯᠤᠭᠠᠨ ᠲᠣᠮᠣ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠦᠵᠡᠭᠦᠯᠦᠯᠭᠡ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠨᠡᠶᠢᠲᠡ 500 ᠭᠠᠷᠤᠢ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠤᠰᠤᠨ ᠤ ᠠᠵᠤ ᠠᠬᠤᠶᠢᠯᠠᠯ ᠨᠡᠷ᠎ᠡ ᠮᠡᠳᠡᠭᠦᠯᠦᠨ ᠣᠷᠣᠯᠴᠠᠵᠤ᠂ 700 ᠭᠠᠷᠤᠢ ᠦᠵᠡᠭᠦᠯᠦᠯᠭᠡ ᠶᠢᠨ ᠪᠠᠶᠢᠷᠢ ᠭᠠᠷᠭᠠᠵᠠᠢ᠃ ᠡᠨᠡ ᠬᠤᠭᠤᠴᠠᠭᠠᠨ ᠳᠤ᠂ ᠪᠠᠰᠠ 2022 ᠣᠨ ᠤ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠢ ᠡᠷᠬᠢᠯᠡᠬᠦ ᠪᠣᠯᠣᠨ᠎ᠠ᠃      ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠬᠢᠭᠡᠳ ᠰᠣᠳᠤᠯᠭᠠᠨ ᠢ ᠠᠬᠢᠭᠤᠯᠬᠤ ᠨᠡᠶᠢᠭᠡᠮᠯᠢᠭ ᠠᠴᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠠ ᠥᠪᠥᠷ ᠮᠣᠩᠭᠤᠯ ᠤᠨ ᠮᠠᠯ ᠠᠵᠤ ᠠᠬᠤᠢ ᠶᠢᠨ ᠨᠡᠶᠢᠭᠡᠮᠯᠢᠭ᠂ ᠥᠪᠥᠷ ᠮᠣᠩᠭᠤᠯ ᠤᠨ ᠲᠡᠵᠢᠭᠡᠯ ᠪᠣᠷᠳᠣᠭᠠᠨ ᠤ ᠠᠵᠤ ᠦᠢᠯᠡᠳᠪᠦᠷᠢ ᠶᠢᠨ ᠨᠡᠶᠢᠭᠡᠮᠯᠢᠭ ᠲᠠᠢ ᠬᠠᠮᠲᠤᠷᠠᠨ ᠳᠡᠮᠵᠢᠵᠦ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠳ᠋ᠦᠩ ᠵᠣᠣ ᠦᠵᠡᠰᠬᠦᠯᠡᠩ ᠲᠦᠰᠦᠪᠯᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠬᠢᠯᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ