ᠾᠧ ᠬᠠᠢ ᠳ᠋ᠦᠩ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠳᠡᠳ᠋ ᠱᠦᠵᠢ ᠵᠠᠩ ᠳ᠋ᠦᠩ ᠵᠢᠶᠦ᠋ᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/12
      ︵ᠰᠤᠷᠪᠤᠯᠵᠢᠯᠠᠭᠴᠢ ᠠᠷᠢᠭᠤᠨ᠎ᠠ︶ 8 ᠳ᠋ᠤᠭᠠᠷ ᠰᠠᠷ᠎ᠠ ᠶᠢᠨ 11 ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠵᠠᠩ ᠳ᠋ᠦᠩ ᠵᠢᠶᠦ᠋ᠨ ᠨᠠᠷ ᠲᠠᠢ ᠠᠭᠤᠯᠵᠠᠭᠰᠠᠨ ᠪᠥᠭᠡᠳ ᠬᠠᠮᠲᠤ ᠪᠠᠷ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ︵ᠥᠪᠥᠷ ᠮᠣᠩᠭᠤᠯ︶ ᠶᠢᠨ ᠦᠷ᠎ᠡ ᠡᠳ᠋ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠫᠠᠶᠢᠰᠠ ᠶᠢ ᠰᠡᠬᠦᠪᠡ᠃      ᠾᠧ ᠬᠠᠢ ᠳ᠋ᠦᠩ ᠵᠠᠩ ᠳ᠋ᠦᠩ ᠵᠢᠶᠦ᠋ᠨ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠷᠳᠤ ᠬᠤᠭᠤᠴᠠᠭᠠᠨ ᠤ ᠲᠤᠷᠰᠢ ᠬᠥᠬᠡᠬᠤᠲᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠣᠳᠣᠬᠠᠨ ᠳᠤ᠂ ᠬᠥᠬᠡᠬᠤᠲᠠ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠢᠯᠢ᠂ ᠮᠧᠩ ᠨᠢᠦ ᠬᠤᠶᠠᠷ ᠶᠡᠭᠡ ᠳᠡᠯᠡᠬᠡᠢ ᠶᠢᠨ ᠰᠦ ᠶᠢᠨ ᠠᠵᠤ ᠠᠬᠤᠶᠢᠯᠠᠯ ᠳᠤ ᠲᠦᠰᠢᠭᠯᠡᠨ᠂ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ  ᠲᠣᠯᠤᠭᠠᠶᠢᠯᠠᠭᠤᠯᠤᠭᠰᠠᠨ  ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠴᠢᠩᠭ᠎ᠠ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠡᠯᠪᠡᠭ ᠪᠠᠶᠠᠯᠢᠭ ᠶᠤᠮ᠂ ᠬᠤᠶᠠᠷ ᠲᠠᠯ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ᠂ ᠶᠡᠷᠦᠩᠬᠡᠢ ᠳᠤᠨᠢ ᠪᠠᠶᠢᠷᠢᠰᠢᠭᠤᠯᠵᠤ᠂ ᠨᠡᠩ ᠤᠯᠠᠨ ᠬᠤᠰᠢᠭᠤᠷᠠᠯ ᠤᠨ ᠴᠢᠨᠠᠷᠲᠠᠢ ᠰᠦᠪᠡᠭᠴᠢᠯᠡᠯᠲᠡ ᠬᠢᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠢᠨ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠠᠩᠬᠠᠷᠴᠤ᠂ ᠳᠡᠮᠵᠢᠵᠦ᠂ ᠶᠡᠭᠡ ᠳᠡᠭᠡᠳᠦ ᠰᠤᠷᠭᠠᠭᠤᠯᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠴᠢᠳᠠᠪᠤᠷᠢᠲᠠᠨ ᠢ ᠬᠥᠮᠥᠵᠢᠭᠦᠯᠦᠨ ᠰᠣᠯᠢᠯᠴᠠᠬᠤ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠭᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠵᠠᠩ ᠳ᠋ᠦᠩ ᠵᠢᠶᠦ᠋ᠨ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠬᠥᠬᠡᠬᠤᠲᠠ ᠲᠠᠢ ᠤᠯᠠᠨ ᠵᠢᠯ ᠤᠨ ᠲᠤᠷᠰᠢ ᠤᠯᠠᠨ ᠲᠡᠰ ᠳᠠᠪᠬᠤᠷᠭ᠎ᠠ᠂ ᠤᠯᠠᠨ ᠠᠷᠭ᠎ᠠ ᠵᠠᠮ ᠢᠶᠠᠷ ᠥᠷᠭᠡᠨ ᠳᠡᠯᠭᠡᠷ ᠬᠠᠮᠲᠤᠷᠠᠯᠴᠠᠭ᠎ᠠ ᠬᠢᠵᠦ᠂ ᠬᠤᠶᠠᠷ ᠲᠠᠯ᠎ᠠ ᠪᠠᠷ ᠢᠶᠠᠨ ᠨᠢᠭᠲᠠ ᠰᠠᠶᠢᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠭᠰᠠᠭᠠᠷ ᠢᠷᠡᠵᠠᠢ᠃ ᠲᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠦᠷᠭᠦᠯᠵᠢᠯᠡᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠪᠠ ᠮᠡᠷᠭᠡᠵᠢᠯ ᠤᠨ ᠪᠦᠯᠬᠦᠮ ᠤᠨ ᠳᠠᠪᠠᠭᠤᠯᠢᠭ ᠲᠤ ᠲᠦᠰᠢᠭᠯᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠨᠠᠩ ᠣᠯᠠᠨ ᠰᠢᠯᠢᠳᠡᠭ ᠦᠢᠯᠡᠴᠢᠯᠡᠭᠡ ᠬᠠᠩᠭᠠᠵᠤ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃      ᠬᠤᠳᠠ ᠶᠢᠨ ᠳᠡᠳ᠋ ᠳᠠᠷᠤᠭ᠎ᠠ ᠰᠢᠶᠣᠣ ᠹᠠᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ