8 ᠳ᠋ᠤᠭᠠᠷ ᠰᠠᠷ᠎ᠠ ᠶᠢᠨ 11 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ  ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/12
      8 ᠳ᠋ᠤᠭᠠᠷ ᠰᠠᠷ᠎ᠠ ᠶᠢᠨ 11 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 9᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠨᠡᠮᠡᠭᠳᠡᠵᠦ᠂  ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶  ᠪᠣᠢ ᠃ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠡᠪᠡᠳᠴᠢᠨ ᠤ  ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ  ᠬᠤᠪᠢᠶᠠᠷᠢᠯᠠᠨ ᠪᠠᠭᠤᠯᠭᠠᠭᠰᠠᠨ︶ ᠨᠡᠮᠡᠭᠳᠡᠪᠡ᠃  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 4 ᠬᠦᠮᠦᠨ ᠢᠯᠠᠷᠢᠰᠢᠵᠦ ᠡᠮᠨᠡᠯᠭᠡ ᠠᠴᠠ ᠭᠠᠷᠴᠤ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 1 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠣᠶ᠃ ᠬᠢᠯᠢ  ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ1 ᠬᠥᠮᠥᠨ ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ  ᠶᠢᠨ ᠨᠢᠰᠬᠡᠯ ᠢ ᠬᠥᠬᠡᠬᠤᠲᠠ  ᠶᠢᠨ ᠴᠠᠭᠠᠨ ᠰᠤᠪᠤᠷᠭ᠎ᠠ ᠣᠯᠠᠨ ᠤᠯᠤᠰ ᠤᠨ  ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢᠯᠠᠷᠢᠰᠢᠵᠦ ᠡᠮᠨᠡᠯᠭᠡ ᠠᠴᠠ ᠭᠠᠷᠪᠠ᠃      8 ᠳ᠋ᠤᠭᠠᠷ ᠰᠠᠷ᠎ᠠ ᠶᠢᠨ 11 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 121 ᠪᠤᠶ᠂ ᠡᠭᠦᠨ ᠳᠤ ᠪᠤᠭᠤᠲᠤ ᠬᠤᠲᠠ ᠳᠤ 2 ︵ᠴᠦᠮ ᠴᠢᠩ ᠱᠠᠨ ᠲᠣᠭᠤᠷᠢᠭ ᠲᠤ ᠪᠣᠶ︶᠂ ᠰᠢᠯᠢ ᠶᠢᠨ ᠭᠤᠣᠯ ᠠᠶᠢᠮᠠᠭ ᠲᠤ 30 ︵ᠡᠷᠢᠶᠡᠨ ᠬᠤᠲᠠ ᠳᠤ 28᠂ ᠰᠥᠨᠢᠳ ᠪᠠᠷᠠᠭᠤᠨ ᠬᠤᠰᠢᠭᠤᠨ ᠳᠤ 2 ᠪᠣᠢ︶᠂ ᠤᠯᠠᠭᠠᠨᠴᠠᠪ ᠬᠤᠲᠠ ᠳᠤ 85 ︵ᠵᠢᠨᠢᠩ ᠲᠣᠭᠤᠷᠢᠭ ᠲᠤ 10᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 73᠂ ᠱᠠᠩᠳᠤ ᠰᠢᠶᠠᠨ ᠳᠤ 2 ᠪᠣᠢ︶᠂ ᠣᠷᠳᠣᠰ ᠬᠤᠲᠠ ᠳᠤ 2 ︵ᠴᠦᠮ ᠡᠵᠡᠨ ᠬᠤᠷᠤᠭ᠎ᠠ ᠬᠤᠰᠢᠭᠤᠨ ᠳᠤ ᠪᠣᠶ︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ ᠪᠣᠶ︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ ᠪᠣᠶ︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 45 ᠪᠣᠶ᠂ ᠡᠭᠦᠨ ᠳᠤ ᠰᠢᠯᠢ ᠶᠢᠨ ᠭᠤᠣᠯ ᠠᠶᠢᠮᠠᠭ ᠲᠤ 18 ︵ᠡᠷᠢᠶᠡᠨ ᠬᠤᠲᠠ ᠳᠤ 17᠂ ᠰᠥᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 27 ︵ᠵᠢᠨᠢᠩ ᠲᠣᠭᠤᠷᠢᠭ ᠲᠤ 2᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 25︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 6᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 19 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ  ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ  ᠰᠡᠷᠭᠡᠶᠢᠯᠡᠵᠦ ᠪᠠᠶᠢᠨ᠎ᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ