ᠴᠢᠩ ᠱᠦᠢ ᠾᠧ ᠰᠢᠶᠠᠨ ᠪᠦᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/15
      8 ᠳ᠋ᠤᠭᠠᠷ ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠪᠥᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠪᠥᠬᠦ ᠰᠢᠶᠠᠨ ᠤ ᠣᠶᠢᠷ᠎ᠠ ᠶᠢᠨ ᠬᠤᠭᠤᠴᠠᠭᠠᠨ ᠤ ᠬᠤᠷ᠎ᠠ ᠲᠤᠨᠤᠳᠠᠰᠤ ᠶᠢᠨ ᠵᠢᠱᠢᠯᠲᠡ ᠶᠢᠨ ᠪᠠᠶᠢᠳᠠᠯ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠭᠰᠠᠨ ᠪᠠᠶᠢᠳᠠᠯ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
清水河县召开全县防汛工作会议.jpg
      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠪᠦᠬᠦ ᠰᠢᠶᠠᠨ ᠤ ᠦᠶᠡᠷ ᠢ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠢ ᠪᠠᠶᠢᠵᠤ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠲᠡᠪᠴᠢᠵᠦ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠬᠤᠪᠢᠶᠠᠷᠢᠯᠠᠨ ᠬᠠᠷᠢᠭᠤᠴᠠᠵᠤ᠂ ᠭᠤᠣᠯᠳᠠᠯᠭ᠎ᠠ ᠲᠠᠢ ᠲᠦᠭᠰᠢᠭᠦᠷᠢ ᠶᠢᠨ ᠴᠢᠭ᠋ ᠪᠠᠶᠢᠷᠢ ᠶᠢ ᠴᠢᠩᠭ᠎ᠠ ᠠᠩᠬᠠᠷᠴᠤ᠂ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠤᠰᠤᠲᠤᠯ ᠢ ᠵᠠᠯᠠᠬᠤ ᠲᠥᠬᠦᠭᠡᠷᠦᠮᠵᠢ᠂ ᠭᠤᠣᠯ ᠤᠨ ᠵᠠᠮ ᠤᠨ ᠦᠶᠡᠷ ᠢ ᠰᠡᠷᠭᠡᠶᠢᠯᠡᠬᠦ ᠢᠨᠵᠧᠨᠧᠷᠢᠩ᠂ ᠬᠥᠳᠡᠭᠡ ᠲᠣᠰᠬᠤᠨ ᠤ ᠵᠠᠮ ᠤᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ᠳᠠᠭᠠᠭᠠᠴᠢᠯᠠᠨ ᠬᠤᠯᠪᠣᠭᠠᠯᠠᠬᠤ ᠶᠢ ᠴᠢᠩᠭᠠᠷᠠᠭᠤᠯᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠴᠢᠩᠭ᠎ᠠ ᠵᠢᠷᠤᠮᠯᠠᠨ᠂ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ 24 ᠴᠠᠭ ᠢᠶᠠᠷ ᠵᠢᠵᠢᠭᠦᠷᠯᠡᠵᠦ ᠠᠵᠢᠯ ᠳᠤ ᠪᠡᠯᠡᠳᠬᠡᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠡᠳ᠋ ᠪᠠᠷᠠᠭ᠎ᠠ ᠶᠢ ᠨᠥᠭᠡᠴᠡᠯᠡᠨ ᠲᠠᠷᠬᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠡ᠊ᠨᠳᠡᠯ ᠤᠨ ᠲᠦᠭᠰᠢᠭᠦᠷᠢᠲᠦ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ᠡᠭᠦᠨ ᠤ ᠬᠠᠮᠲᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠪᠣᠯᠣᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠮᠡᠳᠡᠯᠭᠡ ᠶᠢ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠲᠤ ᠰᠡᠷᠡᠮᠵᠢᠯᠡᠬᠦ ᠪᠠᠨ ᠴᠢᠩᠭᠠᠳᠬᠠᠬᠤ ᠶᠢ ᠰᠠᠨᠠᠭᠤᠯᠵᠤ᠂ ᠭᠠᠳᠠᠭᠰᠢ ᠭᠠᠷᠬᠤ ᠶᠢᠨ ᠰᠡᠷᠭᠡᠶᠢᠯᠡᠯᠲᠡ ᠶᠢ ᠰᠠᠶᠢᠲᠤᠷ ᠬᠢᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃      ᠰᠢᠶᠠᠨ ᠤ ᠤᠳᠤᠷᠢᠳᠤᠯᠭ᠎ᠠ ᠴᠧᠨ ᠬᠤᠷᠴᠠ᠂ ᠯᠢ ᠵᠢᠶᠦ᠋ᠨ᠂ ᠵᠢᠩ ᠾᠦᠸᠧ ᠶᠤᠸᠠᠨ᠂ ᠵᠣᠣ ᠶᠢᠩ᠂ ᠯᠢᠦ ᠵᠢᠶᠠᠨ ᠴᠢᠶᠠᠩ᠂ ᠵᠠᠩ ᠰᠢᠶᠣᠣ ᠨᠢᠩ ᠵᠢᠴᠢ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ