ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ | ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠪᠦᠬᠦ ᠬᠤᠳᠠ ᠶᠢᠨ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠢ ᠡᠷᠬᠢᠯᠡᠨ | ᠬᠤᠷᠠᠯᠳᠤᠭᠤᠯᠪᠠ᠃ ᠬᠤᠷᠠᠯ ᠠᠴᠠ ᠮᠠᠨ ᠤ ᠬᠤᠳᠠ ᠶᠢᠨ ᠣᠶᠢᠷ᠎ᠠ ᠶᠢᠨ ᠬᠤᠭᠤᠴᠠᠭᠠᠨ ᠤ ᠰᠢᠷᠦᠭᠦᠨ ᠪᠣᠷᠤᠭᠠᠨᠲᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠮᠡᠳᠡᠭᠳᠡᠵᠦ᠂ | ᠬᠤᠳᠠ ᠶᠢᠨ ᠪᠠᠴᠢᠮ ᠪᠠᠶᠢᠳᠠᠯ ᠢ ᠠᠷᠭᠠᠴᠠᠵᠤ ᠤᠰᠤᠲᠤᠯ ᠢ ᠰᠡᠷᠭᠡᠶᠢᠯᠡᠬᠦ᠂ ᠠᠭᠤᠯᠠᠨ ᠦᠶᠡᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠬᠦ ᠪᠠ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠬᠠᠮᠢᠶ᠎ᠠ ᠪᠦᠬᠦᠢ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠳᠡᠳ᠋ ᠳᠠᠷᠤᠭ᠎ᠠ ᠯᠢᠦ ᠵᠢᠶᠠᠨ | ᠭᠦᠸᠧ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠶᠡᠷ ᠢ ᠰᠡᠷᠭᠡᠶᠢᠯᠡᠬᠦ ᠠᠵᠢᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠶᠤᠯᠭᠦᠢ ᠳᠤ ᠬᠤᠯᠪᠣᠭᠳᠠᠵᠤ ᠪᠠᠶᠢᠳᠠᠭ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠥᠩᠭᠡᠨ ᠬᠠᠭᠤᠮᠠᠭᠠᠢ᠂ ᠮᠢᠨᠴᠦᠭᠦᠷᠡᠨ | ᠲᠠᠶᠢᠪᠤᠰᠢᠷᠠᠵᠤ ᠶᠠᠭᠠᠬᠢᠭᠰᠠᠨ ᠴᠤ ᠪᠣᠯᠬᠤ ᠦᠭᠡᠢ᠂ ᠬᠦᠨᠳᠦ ᠶᠡᠭᠡ ᠦᠶᠡᠷ ᠤᠰᠤᠲᠤᠯ ᠤᠨ ᠭᠠᠮᠰᠢᠭ ᠭᠠᠷᠬᠤ ᠶᠢ ᠡᠷᠡᠰ ᠬᠤᠷᠢᠭᠯᠠᠨ ᠵᠣᠭᠰᠣᠭᠠᠵᠤ᠂ ᠪᠦᠷᠢᠨ ᠭᠦᠢᠴᠡᠳ ᠪᠡᠯᠡᠳᠬᠡᠯ | ᠢᠶᠠᠷ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠬᠡᠷᠡᠭᠲᠡᠢ᠃ ᠠᠵᠢᠯᠯᠠᠭ᠎ᠠ ᠶᠢᠨ ᠲᠠᠯ᠎ᠠ ᠪᠠᠷ ᠡᠷᠡᠰ ᠰᠢᠭᠤᠷᠬᠠᠢ ᠪᠥᠭᠡᠳ ᠲᠦᠷᠭᠡᠨ ᠬᠥᠳᠡᠯᠦᠯᠴᠡᠵᠦ᠂ ᠳᠠᠷᠤᠭ᠎ᠠ | ᠬᠠᠷᠢᠭᠤᠴᠠᠬᠤ ᠳᠦᠷᠢᠮ ᠪᠣᠯᠣᠨ ᠰᠠᠯᠠᠭ᠎ᠠ ᠮᠥᠴᠢᠷ ᠤᠨ ᠠᠵᠢᠯ ᠤᠨ ᠪᠠᠶᠢᠷᠢ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠰᠥᠨᠢ ᠳᠡᠭᠡᠨ ᠪᠦᠬᠦ ᠬᠤᠳᠠ ᠶᠢᠨ ᠦᠶᠡᠷ ᠢ | ᠰᠡᠷᠭᠡᠶᠢᠯᠡᠬᠦ ᠤᠰᠤᠲᠤᠯ ᠢ ᠰᠡᠷᠭᠡᠶᠢᠯᠡᠬᠦ ᠬᠡᠮ ᠰᠣᠭᠤᠭ ᠲᠠᠢ ᠭᠠᠵᠠᠷ ᠲᠤ ᠨᠢᠭᠡ ᠤᠳᠠᠭ᠎ᠠ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠬᠡᠷᠡᠭᠲᠡᠢ︔ ᠴᠠᠭ ᠠᠭᠤᠷ ᠪᠠ ᠪᠣᠷᠣᠭᠠᠨ ᠤ ᠪᠠᠶᠢᠳᠠᠯ | ᠂ ᠤᠰᠤᠨ ᠤ ᠪᠠᠶᠢᠳᠠᠯ ᠤᠨ ᠬᠤᠪᠢᠷᠠᠯᠲᠠ ᠶᠢ ᠨᠠᠷᠢᠨ ᠬᠢᠨᠠᠨ ᠬᠡᠮᠵᠢᠵᠦ᠂ ᠦᠶᠡᠷ ᠢ ᠰᠡᠷᠭᠡᠶᠢᠯᠡᠬᠦ ᠪᠠᠶᠢᠳᠠᠯ ᠢ ᠣᠨᠣᠪᠴᠢᠲᠠᠶ ᠰᠤᠳᠤᠯᠤᠨ ᠮᠠᠭᠠᠳᠯᠠᠵᠤ᠂ ᠬᠢᠨᠠᠨ ᠬᠡᠮᠵᠢᠭᠰᠡᠨ | ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ︔ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ | ᠴᠢᠩᠭᠠᠳᠬᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠪᠠᠲᠤᠯᠠᠭ᠎ᠠ ᠶᠢᠨ ᠲᠠᠯ᠎ᠠ ᠪᠠᠷ ᠪᠥᠬᠦ ᠬᠦᠴᠦᠨ ᠢᠶᠠᠷ ᠢᠶᠠᠨ | ᠳᠠᠭᠠᠵᠤ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠲᠣᠬᠢᠷᠠᠭᠤᠯᠤᠯᠲᠠ ᠶᠢᠨ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠨᠥᠭᠡᠴᠡ ᠶᠢᠨ ᠡᠯ᠎ᠡ | ᠵᠦᠢᠯ ᠤᠨ ᠡᠳ᠋ ᠪᠣᠳᠠᠰ ᠢ ᠬᠤᠳᠠᠯᠳᠤᠨ ᠠᠪᠴᠤ ᠬᠥᠮᠥᠷᠭᠡ ᠶᠢ ᠨᠥᠬᠦᠪᠦᠷᠢᠯᠡᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠡᠳ᠋ ᠪᠣᠳᠠᠰ᠂ ᠬᠠᠮᠢᠶᠠᠷᠤᠯᠲᠠ᠂ ᠠᠵᠢᠯᠲᠠᠨ | ᠭᠤᠷᠪᠠ ᠶᠢ ᠪᠣᠳᠠᠲᠠᠶᠢᠵᠢᠭᠤᠯᠬᠤ ᠬᠡᠷᠡᠭᠲᠡᠢ︔ ᠡᠭᠦᠨ ᠤ ᠵᠡᠷᠭᠡᠪᠡᠷ᠂ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ 24 ᠴᠠᠭ ᠢᠶᠠᠷ ᠵᠢᠵᠢᠭᠦᠷᠯᠡᠵᠦ | ᠪᠡᠯᠡᠳᠬᠡᠬᠦ ᠠᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢᠲᠦ ᠪᠠᠶᠢᠳᠠᠯ ᠤᠨ ᠵᠠᠷᠯᠢᠭ ᠢ ᠣᠯᠣᠮᠠᠭᠴᠠ ᠬᠠᠮᠤᠭ ᠤᠨ ᠣᠬᠤᠷ ᠬᠤᠭᠤᠴᠠᠭᠠᠨ ᠳᠤ ᠦᠶᠡᠷ ᠢ | ᠰᠡᠷᠭᠡᠶᠢᠯᠡᠬᠦ ᠡᠳ᠋ ᠪᠣᠳᠠᠰ ᠢ ᠬᠦᠷᠭᠡᠵᠦ ᠲᠡᠶᠢᠯᠬᠦ ᠬᠡᠷᠡᠭᠲᠡᠢ᠂ ᠭᠦᠢᠴᠡᠳ ᠪᠡᠯᠡᠳᠬᠡᠬᠦ᠂ ᠲᠣᠬᠢᠷᠠᠭᠤᠯᠵᠤ ᠳᠡᠶᠢᠯᠬᠦ᠂ ᠲᠡᠭᠡᠭᠡᠪᠦᠷᠢᠯᠡᠵᠦ ᠳᠡᠶᠢᠯᠬᠦ᠂ ᠬᠡᠷᠡᠭᠯᠡᠵᠦ ᠳᠡᠶᠢᠯᠬᠦ ᠶᠢ ᠪᠠᠲᠤᠯᠠᠬᠤ | ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠭᠠᠵᠠᠷ ᠣᠷᠣᠨ ᠨᠤᠭᠤᠳ ᠲᠣᠰᠬᠤᠨ ᠤ ᠠᠷᠠᠳ ᠤᠨ ᠵᠥᠪᠯᠡᠯ᠂ ᠨᠡᠶᠢᠭᠡᠮ ᠲᠣᠭᠤᠷᠢᠭ᠂ | ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ᠂ ᠠᠳᠠᠯ ᠠᠬᠤᠢ ᠵᠡᠷᠭᠡ ᠬᠦᠴᠦᠨ ᠢ ᠳᠠᠶᠢᠴᠢᠯᠠᠨ᠂ ᠥᠷᠭᠡᠨ ᠳᠡᠯᠭᠡᠷ ᠤᠬᠠᠭᠤᠯᠭ᠎ᠠ ᠥᠷᠨᠢᠭᠦᠯᠵᠦ᠂ ᠲᠣᠰᠬᠤᠨ ᠳᠤ ᠬᠦᠷᠴᠦ | ᠡᠷᠦᠬᠡ ᠳᠤ ᠣᠷᠣᠭᠤᠯᠬᠤ ᠬᠡᠷᠡᠭᠲᠡᠢ︔ ᠡᠯ᠎ᠡ ᠲᠥᠷᠥᠯ ᠤᠨ ᠲᠠᠪᠴᠠᠩ᠂ ᠵᠠᠭᠤᠴᠢᠯᠠᠭᠤᠷ ᠢ ᠠᠰᠢᠭᠯᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠴᠠᠭ ᠲᠤᠬᠠᠢ | ᠳᠤᠨᠢ ᠨᠡᠶᠢᠲᠡᠯᠡᠵᠦ᠂ ᠬᠤᠲᠠ ᠶᠢᠨ ᠠᠷᠠᠳ ᠤᠨ ᠰᠡᠷᠭᠡᠶᠢᠯᠡᠯᠲᠡ ᠪᠠᠨ ᠴᠢᠩᠭᠠᠳᠬᠠᠨ᠂ ᠭᠠᠳᠠᠭᠰᠢ ᠭᠠᠷᠬᠤ ᠳᠠᠭᠠᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠰᠢᠷᠦᠭᠦᠨ | ᠪᠣᠷᠣᠭᠠᠨ ᠤ ᠬᠤᠭᠤᠴᠠᠭᠠᠨ ᠳᠤ ᠭᠠᠳᠠᠭᠰᠢ ᠭᠠᠷᠬᠤ ᠶᠢ ᠠᠯᠢ ᠴᠢᠳᠠᠬᠤ ᠪᠠᠷ ᠪᠠᠭᠠᠰᠬᠠᠬᠤ ᠶᠢ ᠰᠠᠨᠠᠭᠤᠯᠬᠤ ᠬᠡᠷᠡᠭᠲᠡᠢ᠃ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ | ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠣᠯᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠵᠤ | ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ | ᠪᠣᠯᠣᠨ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠶᠤᠯᠭᠦᠢ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ ᠵᠢᠴᠢ ᠬᠠᠮᠢᠶ᠎ᠠ ᠪᠦᠬᠦᠢ | ᠭᠠᠵᠠᠷ ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |