ᠮᠠᠨ ᠤ ᠬᠤᠲᠠ ᠭᠤᠷᠪᠠᠳᠤᠭᠠᠷ ᠪᠦᠯᠦᠭ᠂ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ᠤᠨ ᠪᠡᠯᠡ ᠮᠥᠩᠭᠦ ᠶᠢ 880 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2022/8/15
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠶᠢᠨ ᠡᠳᠦᠷ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2022 ᠣᠨ ᠤ ᠭᠤᠷᠪᠠᠳᠤᠭᠠᠷ ᠪᠦᠯᠦᠭ᠂ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ᠤᠨ ᠪᠡᠯᠡ ᠮᠥᠩᠭᠦ ᠶᠢ 880 ᠲᠦᠮᠡᠨ ᠲᠥᠭᠦᠷᠢᠭ ᠪᠠᠭᠤᠯᠭᠠᠪᠠ᠃ ᠡᠨᠡ ᠬᠦ ᠪᠡᠯᠡ ᠮᠥᠩᠭᠦ ᠶᠢ ᠪᠠᠭᠤᠯᠭᠠᠭᠰᠠᠨ ᠨᠢ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠠᠬᠢᠭᠤᠯᠤᠨ ᠳᠡᠭᠡᠭᠰᠢᠯᠡᠭᠦᠯᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃      ᠪᠡᠯᠡ ᠮᠥᠩᠭᠦ ᠶᠢ ᠪᠠᠭᠤᠯᠭᠠᠬᠤ ᠶᠢᠨ ᠵᠡᠷᠭᠡ ᠪᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠢ ᠲᠤᠰᠬᠠᠢ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠴᠦ ᠪᠣᠳᠠᠲᠠᠶᠢᠵᠢᠭᠤᠯᠬᠤ ᠶᠢᠨ ᠬᠠᠮᠲᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠪᠡᠯᠡ ᠮᠦᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ