ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠠᠷᠢᠭᠤᠨ᠎ᠠ︶ 8 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠳᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 39 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ | ᠬᠤᠳᠠ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ︽ᠬᠢᠵᠢᠭ ᠤᠨ ᠪᠠᠶᠢᠳᠠᠯ ᠢ ᠰᠡᠷᠭᠡᠶᠢᠯᠡᠵᠦ᠂ ᠠᠵᠤ ᠠᠬᠤᠢ ᠶᠢ ᠲᠣᠭᠲᠠᠪᠤᠷᠢᠵᠢᠭᠤᠯᠵᠤ᠂ ᠬᠥᠭᠵᠢᠯᠲᠡ ᠠᠶᠤᠯᠭᠦᠢ | ᠪᠠᠶᠢᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠩᠭᠤ ᠶᠢᠨ ᠠᠵᠢᠯ ᠢ ᠴᠢᠩᠭ᠎ᠠ ᠨᠢᠮᠪᠠᠢ᠂ ᠲᠡᠷᠡ ᠬᠡᠪ ᠢᠶᠠᠷ ᠨᠢ ᠰᠠᠶᠢᠲᠤᠷ ᠬᠢᠬᠦ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ︽ᠬᠤᠶᠠᠷ ᠥᠷᠲᠡᠭᠡ ᠨᠢᠭᠡ ᠪᠠᠭᠤᠳᠠᠯ︾ ᠵᠡᠷᠭᠡ ᠭᠤᠣᠯᠳᠠᠯᠭ᠎ᠠ ᠲᠠᠢ | ᠲᠠᠯᠠᠪᠤᠷ ᠤᠨ ᠨᠠᠷᠢᠯᠢᠭ ᠣᠨᠣᠪᠴᠢᠲᠠᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠵᠠᠮ ᠬᠠᠷᠢᠯᠴᠠᠭᠠᠨ ᠤ ᠣᠷᠣᠬᠤ ᠭᠠᠵᠠᠷ ᠤᠨ ᠨᠢᠭᠡᠳᠦᠭᠡᠷ ᠰᠡᠷᠭᠡᠶᠢᠯᠡᠯᠲᠡ ᠶᠢᠨ | ᠱᠤᠭᠤᠮ ᠢ ᠪᠠᠲᠤ ᠰᠠᠬᠢᠵᠤ᠂ ︽ᠬᠤᠶᠠᠷ ᠺᠣᠳ᠋ ᠨᠢᠭᠡ ᠭᠡᠷᠡᠴᠢ︾ ᠶᠢ ᠪᠠᠶᠢᠴᠠᠭᠠᠨ ᠰᠢᠯᠭᠠᠬᠤ ᠪᠠ ︽ᠢᠷᠡᠭᠰᠡᠨ ᠳᠠᠷᠤᠢ ᠪᠠᠶᠢᠴᠠᠭᠠᠬᠤ︾ ᠵᠡᠷᠭᠡ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠬᠡᠬᠤᠲᠠ ᠳᠤ ᠢᠷᠡᠬᠦ ᠪᠤᠴᠠᠬᠤ ᠬᠥᠮᠥᠰ ᠢ ᠳᠠᠩᠰᠠᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠭᠤᠣᠯᠳᠠᠯᠭ᠎ᠠ ᠲᠠᠢ ᠬᠥᠮᠥᠰ ᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠲᠠᠢ ᠣᠷᠣᠨ ᠪᠠᠶᠢᠷᠢ ᠪᠣᠯᠣᠨ ᠬᠥᠮᠥᠰ ᠢ | ᠨᠠᠷᠢᠨ ᠪᠠᠶᠢᠴᠠᠭᠠᠵᠤ᠂ ᠲᠣᠮᠣ ᠳ᠋ᠠᠶᠢᠲ᠋ᠠ᠂ ᠲᠣᠣᠷᠵᠢᠯᠳᠡ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠲᠠᠬᠤᠯ ᠡᠪᠡᠳᠴᠢᠨ ᠢ ᠮᠥᠷᠳᠡᠨ ᠪᠠᠶᠢᠴᠠᠭᠠᠬᠤ | ᠬᠤᠷᠳᠤᠴᠠ ᠶᠢ ᠲᠦᠷᠭᠡᠳᠬᠡᠵᠦ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠬᠡᠷᠡᠭᠲᠡᠢ᠃ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ | ᠵᠣᠴᠢᠳ ᠤᠨ ᠪᠠᠭᠤᠳᠠᠯ ᠬᠤᠭᠤᠯᠠᠨ ᠭᠡᠷ᠂ ᠵᠤᠭ᠎ᠠ ᠴᠡᠩᠭᠡᠯ ᠤᠨ ᠲᠠᠯᠠᠪᠤᠷ ᠭᠠᠵᠠᠷ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ ᠭᠠᠵᠠᠷ ᠤᠨ ᠺᠣᠳ᠋ ᠰᠢᠷᠪᠢᠵᠦ | ᠺᠣᠳ᠋ ᠰᠢᠯᠭᠠᠬᠤ ᠠᠵᠢᠯ ᠢ ᠴᠢᠩᠭ᠎ᠠ ᠥᠷᠨᠢᠭᠦᠯᠬᠦ ᠶᠢ ᠰᠢᠮᠳᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ | ᠬᠠᠮᠢᠶᠠᠷᠤᠯᠲᠠ ᠶᠢᠨ ᠠᠯᠳᠠᠰᠢ ᠭᠠᠷᠭᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ | ᠠᠷᠢᠭᠤᠳᠬᠠᠬᠤ ᠶᠢ ᠴᠢᠩᠳᠠᠯᠠᠵᠤ᠂ ᠠᠯᠬᠤᠮ ᠳᠠᠷᠠᠭ᠎ᠠ ᠶᠢ ᠵᠢᠷᠤᠮᠵᠢᠭᠤᠯᠵᠤ᠂ ᠳᠤᠲᠠᠭᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠲᠤᠰᠠᠭᠠᠷᠯᠠᠬᠤ | ᠴᠡᠭ ᠲᠤ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠤᠯᠠᠨ ᠲᠦᠮᠡᠨ ᠤ | ᠠᠩᠬᠠᠷᠴᠤ ᠪᠠᠶᠢᠭ᠎ᠠ ᠠᠰᠠᠭᠤᠳᠠᠯ ᠳᠤ ᠦᠨᠡᠨᠬᠦ ᠬᠠᠷᠢᠭᠤᠯᠲᠠ ᠥᠭᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠂ ᠠᠷᠠᠳ ᠤᠯᠠᠨ ᠤ ᠠᠮᠢ ᠨᠠᠰᠤᠨ ᠤ ᠠᠶᠤᠯᠭᠦᠢ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠡᠷᠡᠰ ᠰᠠᠬᠢᠨ | ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯ ᠤᠨ ᠳᠠᠷᠠᠭ᠎ᠠ᠂ ᠪᠣᠣ ᠭᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠦᠷᠴᠦ᠂ ᠡᠯ᠎ᠡ ᠭᠠᠵᠠᠷ ᠣᠷᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠸᠢᠳᠢᠤ᠋ ᠪᠠᠷ ᠲᠣᠬᠢᠷᠠᠭᠤᠯᠪᠠ᠃ | ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |