ᠶᠠᠩ ᠪᠢ ᠰᠢᠶᠠᠨ ᠤ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠬᠤᠷᠢᠨᠭᠡᠷ ᠰᠢᠶᠠᠨ ᠳᠤ ᠢᠷᠡᠵᠦ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2022/8/16
8.16漾濞县党政考察团前来和林格尔县参观考察1.jpg
8.16漾濞县党政考察团前来和林格尔县参观考察2.jpg
      8 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ ᠶᠦᠨᠨᠠᠨ ᠮᠤᠵᠢ ᠶᠢᠨ ᠳ᠋ᠠᠯᠢ ᠶᠢᠨ ᠪᠠᠢ ᠦᠨᠳᠦᠰᠦᠲᠡᠨ ᠤ ᠥᠪᠡᠷᠲᠡᠭᠡᠨ ᠵᠠᠰᠠᠬᠤ ᠵᠧᠤ ᠶᠢᠨ ᠢ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠭᠧᠩ ᠴᠠᠩ ᠨᠠᠮ ᠵᠠᠰᠠᠭ ᠤᠨ ᠪᠠᠶᠢᠴᠠᠭᠠᠨ ᠦᠵᠡᠬᠦ ᠪᠦᠯᠬᠦᠮ ᠢ ᠳᠠᠭᠠᠭᠤᠯᠤᠨ ᠮᠠᠨ ᠤ ᠰᠢᠶᠠᠨ ᠳᠤ ᠬᠦᠷᠴᠦ ᠲᠣᠭᠤᠷᠢᠨ ᠦᠵᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ᠂ ᠰᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠣᠷᠣᠯᠴᠠᠵᠠᠶ᠃      ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠬᠤᠷᠢᠨᠭᠡᠷ ᠰᠢᠶᠠᠨ ᠤ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠂ ᠱᠧᠩ ᠯᠧ ᠮᠦᠽᠧᠶ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠭᠰᠡᠨ᠂ ᠪᠣᠯᠪᠠᠰᠤᠷᠠᠭᠤᠯᠤᠭᠰᠠᠨ ᠦᠢᠯᠡᠳᠬᠦᠨ ᠤ ᠪᠥᠬᠦ ᠱᠤᠭᠤᠮ ᠤᠨ ᠦᠢᠯᠡᠳᠪᠦᠷᠢᠯᠡᠯ ᠤᠨ ᠶᠠᠪᠤᠴᠠ ᠵᠢᠴᠢ ᠱᠧᠩ ᠯᠧ ᠮᠦᠽᠧᠶ ᠶᠢᠨ ᠡᠯ᠎ᠡ ᠦᠵᠡᠭᠦᠯᠭᠡ ᠶᠢᠨ ᠲᠢᠩᠬᠢᠮ ᠢ ᠨᠠᠷᠢᠨ ᠣᠶᠢᠯᠠᠭᠠᠵᠤ᠂ ᠰᠢᠶᠡᠨᠪᠸᠢ ᠦᠨᠳᠦᠰᠦᠲᠡᠨ ᠢᠶᠠᠷ ᠭᠤᠤᠯᠯᠠᠭᠤᠯᠤᠭᠰᠠᠨ ᠲᠡᠤᠬᠡ ᠰᠣᠶᠣᠯ ᠢ ᠰᠣᠨᠣᠰᠴᠤ᠂ ᠮᠠᠨ ᠤ ᠰᠢᠶᠠᠨ ᠤ ᠠᠵᠤ ᠠᠬᠤᠶ ᠶᠢᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠵᠢᠴᠢ ᠦᠨᠳᠦᠰᠦᠲᠡᠨ ᠤ ᠲᠡᠤᠬᠡ ᠰᠣᠶᠣᠯ ᠤᠨ ᠷᠢᠳᠢ ᠰᠢᠳᠢ ᠶᠢ ᠭᠦᠢᠴᠡᠳ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠭᠤᠤ ᠹᠧᠩ ᠰᠢᠨᠵᠢᠯᠡᠨ ᠪᠠᠶᠢᠴᠠᠭᠠᠬᠤ ᠪᠦᠯᠬᠦᠮ ᠤᠨ ᠠᠶᠢᠯᠴᠢᠯᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠤᠶᠠᠷ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ᠂ ᠬᠤᠯᠪᠣᠯᠳᠤᠨ ᠨᠡᠪᠲᠡᠷᠡᠯᠴᠡᠬᠦ ᠶᠢ ᠴᠢᠨᠠᠭᠰᠢᠳᠠ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠶᠢ ᠬᠦᠰᠡᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ