ᠬᠤᠷᠢᠨᠭᠡᠷ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠵᠢᠴᠢ ᠰᠢᠶᠠᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ 2022 ᠣᠨ ᠤ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/16
8.16和林格尔县防汛工作会议暨县防汛抗旱指挥部2022年第一次会议召开.jpg
      8 ᠰᠠᠷ᠎ᠠ ᠶᠢᠨ 12 ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠬᠤᠷᠢᠨᠭᠡᠷ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠵᠢᠴᠢ ᠰᠢᠶᠠᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ 2022 ᠣᠨ ᠤ ᠠᠩᠬᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ︽ᠣᠶᠢᠷ᠎ᠠ ᠶᠢᠨ ᠬᠤᠭᠤᠴᠠᠭᠠᠨ ᠤ ᠲᠦᠢᠯ ᠤᠨ ᠴᠠᠭ ᠠᠭᠤᠷ ᠢ ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ ᠬᠢᠭᠡᠳ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ︽ᠳᠠᠭᠠᠭᠠᠴᠢᠯᠠᠨ ᠬᠤᠯᠪᠤᠭᠠᠯᠠᠭᠰᠠᠨ ᠭᠠᠵᠠᠷ ᠣᠷᠣᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ       ᠬᠤᠷᠠᠯ ᠠᠴᠠ ᠴᠢᠬᠤᠯᠠᠴᠢᠯᠠᠭᠰᠠᠨ ᠨᠢ᠂ ᠦᠶᠡᠷ ᠢ ᠰᠡᠷᠭᠡᠶᠢᠯᠡᠬᠦ ᠠᠵᠢᠯ ᠪᠣᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠥᠩᠭᠡᠨ ᠬᠠᠭᠤᠮᠠᠭᠠᠶ᠂ ᠮᠢᠨᠴᠦᠭᠦᠷᠡᠨ ᠲᠠᠶᠢᠪᠤᠰᠢᠷᠠᠵᠤ ᠶᠠᠭᠠᠬᠢᠭᠰᠠᠨ ᠴᠤ ᠪᠣᠯᠬᠤ ᠦᠭᠡᠶ᠂ ᠬᠦᠨᠳᠦ ᠶᠡᠭᠡ ᠦᠶᠡᠷ ᠤᠰᠤᠲᠤᠯ ᠤᠨ ᠭᠠᠮᠰᠢᠭ ᠭᠠᠷᠬᠤ ᠶᠢ ᠡᠷᠡᠰ ᠢᠶᠠᠷ ᠬᠤᠷᠢᠭᠯᠠᠨ ᠵᠣᠭᠰᠣᠭᠠᠵᠤ᠂ ᠪᠦᠷᠢᠨ ᠭᠦᠢᠴᠡᠳ ᠪᠡᠯᠡᠳᠬᠡᠯ ᠢᠶᠠᠷ ᠥᠴᠦᠬᠡᠨ ᠴᠦ ᠠᠯᠳᠠᠰᠢ ᠭᠠᠷᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯᠯᠠᠭ᠎ᠠ ᠳᠡᠭᠡᠷ᠎ᠡ ᠪᠠᠨ ᠡᠷᠡᠰ ᠰᠢᠭᠤᠷᠬᠠᠢ ᠪᠤᠰᠢᠭᠤ ᠲᠦᠷᠭᠡᠨ ᠪᠠᠶᠢᠵᠤ᠂ ᠡᠯ᠎ᠡ ᠳᠠᠭᠠᠭᠠᠴᠢᠯᠠᠯᠲᠠ ᠶᠢᠨ ᠤᠳᠤᠷᠢᠳᠤᠯᠭ᠎ᠠ ᠨᠠᠷ ᠴᠠᠭ ᠲᠤᠬᠠᠢ ᠳᠤᠨᠢ ᠪᠣᠳᠠᠲᠠᠢ ᠳᠤ ᠬᠦᠷᠴᠦ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠵᠤ ᠰᠠᠶᠢᠲᠤᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠤᠨᠢᠨ ᠳᠡᠭᠡᠷ᠎ᠡ ᠨᠢ ᠮᠡᠳᠡᠭᠦᠯᠦᠨ ᠬᠦᠷᠭᠡᠬᠦ ᠶᠢ ᠪᠡᠶᠡᠯᠡᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠲᠠᠪᠴᠠᠩ᠂ ᠵᠠᠭᠤᠴᠢᠯᠠᠭᠤᠷ ᠢ ᠠᠰᠢᠭᠯᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠰᠡᠷᠭᠡᠶᠢᠯᠡᠯᠲᠡ ᠪᠠᠨ ᠴᠢᠩᠭᠠᠳᠬᠠᠬᠤ ᠶᠢ ᠬᠤᠳᠠ ᠶᠢᠨ ᠠᠷᠠᠳ ᠲᠤ ᠰᠠᠨᠠᠭᠤᠯᠬᠤ ᠬᠡᠷᠡᠭᠲᠡᠶ᠃ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠳ ᠠᠷᠠᠳ ᠣᠯᠠᠨ ᠤ ᠠᠮᠢ ᠨᠠᠰᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠳᠤᠮᠳᠠ ᠡᠭᠦᠰᠦᠮᠡᠯ ᠭᠠᠮᠰᠢᠭ ᠡᠭᠦᠰᠬᠦ ᠶᠢ ᠰᠡᠷᠭᠡᠶᠢᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠭᠤᠤ ᠹᠧᠩ᠂ ᠵᠠᠩ ᠴᠢᠤᠸᠠᠨ ᠱᠧᠩ᠂ ᠸᠠᠩ ᠯᠠᠢ ᠵᠣ᠋ ᠨᠠᠷ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠂ ᠱᠧᠩ ᠯᠧ ᠵᠡᠭᠡᠯᠢ ᠭᠤᠳᠤᠮᠵᠢ᠂ ᠶᠦᠨ ᠭᠦ᠋ ᠵᠡᠭᠡᠯᠢ ᠭᠤᠳᠤᠮᠵᠢ ᠶᠢᠨ ᠪᠡᠯᠡᠳᠬᠡᠯ ᠤᠨ ᠭᠠᠵᠠᠷ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ