ᠾᠧ ᠬᠠᠢ ᠳ᠋ᠦᠩ ᠦᠴᠦᠸᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/16
      ︵ᠰᠤᠷᠪᠤᠯᠵᠢᠯᠠᠭᠴᠢ ᠯᠢᠦ ᠬᠤᠢ ᠬᠤᠢ︶ 8 ᠳ᠋ᠤᠭᠠᠷ ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠨᠠᠷ ᠦᠴᠦᠸᠠᠨ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠤᠭᠳᠠᠯ ᠪᠦᠬᠦᠢ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠠᠬᠤᠢ ᠲᠠᠯᠠᠪᠠᠢ ᠶᠢᠨ ᠬᠤᠷᠠᠯ ᠬᠤᠷᠠᠯᠳᠤᠭᠤᠯᠵᠤ᠂ ᠦᠴᠦᠸᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃      ᠾᠧ ᠬᠠᠢ ᠳ᠋ᠦᠩ ᠤᠷᠢᠳ ᠬᠤᠵᠢᠳ ᠦᠴᠦᠸᠠᠨ ᠰᠢᠶᠠᠨ ᠤ ᠶᠠᠩ ᠭᠤᠸᠠᠩ ᠵᠢᠵᠢᠭ ᠪᠠᠯᠭᠠᠰᠣ  ᠬᠤᠷᠢᠶᠠᠯᠠᠯ᠂ ᠦᠴᠦᠸᠠᠨ ᠰᠢᠶᠠᠨ ᠤ ᠡᠮᠨᠡᠯᠭᠡ ᠶᠢᠨ ᠬᠤᠷᠢᠶ᠎ᠠ᠂ ᠶᠢᠨ ᠳ᠋ᠦ᠋ ᠬᠤᠸᠠ ᠶᠤᠸᠠᠨ᠂ ᠮᠢᠩ ᠰᠢᠤᠸᠠᠨ ᠲᠤᠰᠠᠭᠠᠷᠯᠠᠬᠤ ᠪᠠᠭᠤᠳᠠᠯ ᠵᠡᠷᠭᠡ ᠭᠠᠵᠠᠷ ᠲᠤ ᠬᠦᠷᠴᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠤᠨ ᠠᠬᠢᠴᠠ᠂ ᠡᠮᠴᠢᠯᠡᠭᠡᠨ ᠤ ᠠᠪᠤᠷᠠᠨ ᠵᠠᠰᠠᠬᠤ᠂ ᠭᠤᠣᠯᠳᠠᠯᠭ᠎ᠠ ᠲᠠᠢ ᠬᠤᠷᠢᠶᠠᠯᠠᠯ ᠤᠨ ᠬᠠᠮᠢᠶᠠᠷᠤᠯᠲᠠ ᠡᠵᠡᠮᠳᠡᠯ᠂  ᠲᠤᠰᠠᠭᠠᠷᠯᠠᠬᠤ ᠪᠠᠭᠤᠳᠠᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠦᠴᠦᠸᠠᠨ ᠰᠢᠶᠠᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠣᠯᠳᠠᠯᠭ᠎ᠠ ᠶᠢ ᠲᠣᠪᠤᠶᠢᠯᠭᠠᠨ᠂ ᠬᠦᠴᠦᠨ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠡᠩ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠬᠤ ᠬᠡᠷᠡᠭᠲᠡᠢ ᠂ ᠠᠯᠭᠤᠷᠯᠠᠵᠤ  ᠪᠣᠯᠬᠤ ᠦᠭᠡᠢ᠂  ᠲᠦᠷᠭᠡᠨ ᠬᠦᠳᠡᠯᠦᠯᠴᠡᠨ ᠲᠦᠷᠭᠡᠨ ᠲᠠᠷᠬᠠᠨ ᠲᠡᠯᠭᠡᠷᠡᠬᠦ ᠶᠢ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠤᠪᠴᠢᠲᠠᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ᠃       ᠳᠠᠷᠠᠭ᠎ᠠ ᠪᠠᠷ ᠨᠢ ᠬᠤᠷᠠᠯᠳᠤᠭᠰᠠᠨ ᠬᠤᠷᠠᠯ ᠳᠡᠭᠡᠷ᠎ᠡ᠂ ᠡᠾᠧ ᠬᠠᠢ ᠳ᠋ᠦᠩ ᠦᠴᠦᠸᠠᠨ ᠰᠢᠶᠠᠨ ᠤ ᠪᠦᠭᠡᠮ ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ ᠬᠢᠵᠦ ᠡᠬᠢ ᠡᠭᠦᠰᠦᠯ ᠢ ᠮᠦᠷᠳᠡᠬᠦ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ᠂ ᠬᠥᠮᠥᠨ ᠪᠠ ᠡᠳ᠋ ᠪᠣᠳᠠᠰ ᠤᠨ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ  ᠰᠣᠨᠤᠰᠪᠠ᠂  ᠲᠡᠷᠡ ᠴᠢᠬᠤᠯᠠᠴᠢᠯᠠᠬᠤ ᠳᠠᠭᠠᠨ᠂ ︽ᠲᠦᠷᠭᠡᠨ ᠪᠠᠶᠢᠬᠤ ︾ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠲᠦᠷᠭᠡᠨ ᠢᠯᠡᠷᠡᠭᠦᠯᠦᠨ᠂ ᠲᠠᠬᠤᠯ ᠡᠪᠡᠳᠴᠢᠨ ᠤ ᠪᠠᠶᠢᠴᠠᠭᠠᠯᠲᠠ ᠶᠢ ᠲᠦᠷᠭᠡᠨ ᠬᠢᠵᠦ᠂ ᠲᠦᠷᠭᠡᠨ ᠪᠠᠶᠢᠴᠠᠭᠠᠨ ᠭᠡᠮᠵᠢᠵᠦ᠂ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ ᠲᠦᠷᠭᠡᠨ ᠮᠦᠷᠳᠡᠵᠦ᠂ ᠲᠦᠷᠭᠡᠨ ᠰᠢᠢᠳᠪᠦᠷᠢᠯᠡᠬᠦ ᠬᠡᠷᠡᠭᠲᠡᠢ᠂ ᠲᠦᠷᠭᠡᠨ ᠬᠦᠳᠡᠯᠦᠯᠴᠡᠵᠦ ᠬᠢᠵᠢᠭ ᠲᠦᠷᠭᠡᠨ ᠲᠠᠷᠬᠠᠨ ᠲᠡᠯᠭᠡᠷᠡᠬᠦ ᠶᠢ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠣᠷ ᠢ ᠨᠢᠭᠲᠠ ᠰᠦᠯᠵᠢᠬᠦ ᠬᠡᠷᠡᠭᠲᠡᠢ᠃ ︽ᠣᠨᠣᠪᠴᠢᠲᠠᠶ ᠪᠠᠶᠢᠬᠤ︾ ᠶᠢ ᠳᠣᠪᠤᠶᠢᠯᠭᠠᠵᠤ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠠᠮᠤᠷ ᠲᠦᠪᠰᠢᠨ ᠪᠥᠭᠡᠳ ᠲᠣᠭᠲᠠᠭᠤᠨ ᠡᠮᠬᠢ ᠵᠢᠷᠤᠮ ᠲᠠᠢ ᠪᠠᠷ ᠰᠤᠷᠭᠠᠭᠤᠯᠢ ᠡᠬᠢᠯᠡᠬᠦ ᠶᠢ ᠦᠨᠡᠨᠬᠦ ᠪᠠᠲᠤᠯᠠᠵᠤ᠂ ᠡᠮᠨᠡᠯᠭᠡ ᠶᠢᠨ ᠬᠤᠷᠢᠶ᠎ᠠ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭᠠᠳᠬᠠᠨ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠤᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠰᠡᠷᠭᠡᠶᠢᠯᠡᠬᠦ︾ ᠳᠤ ᠰᠠᠭᠤᠷᠢᠯᠠᠵᠤ᠂ ︽ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ᠂ ᠬᠢᠵᠢᠭ ᠳᠡᠯᠭᠡᠷᠡᠬᠦ ᠶᠢ ᠰᠡᠷᠭᠡᠶᠢᠯᠡᠬᠦ︾ ᠠᠮᠠᠰᠠᠷ ᠢ ᠪᠠᠬᠢᠯᠡᠵᠦ᠂ ᠵᠠᠮ ᠬᠠᠷᠢᠯᠴᠠᠭᠠᠨ ᠤ ᠣᠷᠣᠬᠤ ᠡᠭᠦᠳᠡ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ︽ᠬᠤᠶᠠᠷ ᠺᠣᠳ᠋ ᠨᠢᠭᠡ ᠭᠡᠷᠡᠴᠢ︾ ᠶᠢ  ᠪᠠᠶᠢᠴᠠᠭᠠᠨ ᠰᠢᠯᠭᠠᠬᠤ ᠪᠠ ︽ᠬᠦᠷᠴᠦ ᠢᠷᠡᠭᠰᠡᠨ ᠭᠠᠵᠠᠷ ᠲᠤᠨᠢ  ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠵᠢᠴᠢ ᠬᠢᠵᠢᠭ ᠤᠨ ᠪᠠᠶᠢᠳᠠᠯ ᠭᠠᠳᠠᠭᠰᠢ ᠯᠡᠪᠡᠷᠡᠬᠦ ᠭᠡᠮ ᠰᠣᠭᠤᠭ ᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠴᠢᠩᠭ᠎ᠠ ᠪᠠᠶᠢᠬᠤ︾ ᠶᠢ ᠰᠠᠶᠢᠲᠤᠷ ᠠᠳᠬᠤᠵᠤ᠂ ᠳᠠᠭᠠᠭᠠᠴᠢᠯᠠᠨ  ᠬᠠᠷᠢᠯᠴᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠡᠯᠡᠪᠡᠯ ᠵᠠᠪᠠᠯ ᠪᠡᠶᠡᠯᠡᠭᠦᠯᠬᠦ︾ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠲᠤᠷᠰᠢᠯᠭ᠎ᠠ ᠪᠠᠨ ᠰᠠᠶᠢᠲᠤᠷ ᠠᠰᠢᠭᠯᠠᠵᠤ᠂ ᠰᠤᠷᠭᠠᠮᠵᠢ ᠠᠪᠴᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠴᠠᠭ ᠲᠤᠬᠠᠢ ᠳᠤᠨᠢ ᠳᠤᠲᠠᠭᠤ ᠶᠢ ᠪᠠᠶᠢᠴᠠᠭᠠᠨ ᠨᠥᠬᠦᠪᠦᠷᠢᠯᠡᠵᠦ᠂ ᠠᠵᠢᠯ ᠢ ᠨᠠᠶᠢᠳᠠᠪᠤᠷᠢᠵᠢᠭᠤᠯᠤᠭᠰᠠᠨ ᠨᠢ ᠬᠦᠷᠦᠯᠴᠡᠬᠦ ᠦᠭᠡᠢ ᠠᠴᠠ ᠴᠠᠭ ᠲᠤᠬᠠᠢ ᠳᠤᠨᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠡᠷᠡᠭᠲᠡᠢ ᠭᠡᠵᠦ ᠴᠢᠬᠤᠯᠠᠴᠢᠯᠠᠪᠠ᠃      ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠪᠤᠶᠤ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ