8 ᠳ᠋ᠤᠭᠠᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/16
      8 ᠳ᠋ᠤᠭᠠᠷ ᠰᠠᠷ᠎ᠠ ᠶᠢᠨ 15 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶ ᠨᠡᠮᠡᠭᠳᠡᠵᠦ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ ᠪᠣᠢ᠂ 8 ᠳ᠋ᠤᠭᠠᠷ ᠰᠠᠷ᠎ᠠ ᠶᠢᠨ 13 ᠤ ᠡᠳᠦᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ ᠣᠶᠢᠷᠠᠳᠤᠭᠴᠢ ᠪᠣᠯᠣᠨ᠎ᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ  ᠲᠣᠳᠤᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ  ᠬᠤᠪᠢᠶᠠᠷᠢᠯᠠᠨ ᠪᠠᠭᠤᠯᠭᠠᠭᠰᠠᠨ︶  ᠪᠣᠢ᠃  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 18 ᠬᠥᠮᠥᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 3  ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 15 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 14︶ ᠪᠣᠢ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 4  ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 3 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ  ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 2 ᠬᠦᠮᠦᠨ ᠢ ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ  ᠬᠤᠪᠢᠶᠠᠷᠢᠯᠠᠨ ᠪᠠᠭᠤᠯᠭᠠᠭᠰᠠᠨ︶ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃      8  ᠳ᠋ᠤᠭᠠᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 83 ᠪᠠᠶᠢᠵᠤ᠂ ᠡᠭᠦᠨ ᠳᠤ ᠬᠥᠬᠡᠬᠤᠲᠠ ᠳᠤ 7 ︵ᠰᠢᠨ᠎ᠡ ᠬᠤᠲᠠ ᠲᠣᠭᠤᠷᠢᠭ ᠲᠤ 4᠂  ᠢᠥᠢ ᠴᠢᠤᠸᠠᠨ ᠲᠣᠭᠤᠷᠢᠭ ᠲᠤ 1 ᠂ ᠲᠦᠮᠡᠳ ᠵᠡᠭᠦᠨ ᠬᠤᠰᠢᠭᠤᠨ ᠳᠤ 1᠂ ᠦᠴᠦᠸᠠᠨ ᠰᠢᠶᠠᠨ ᠳᠤ 1︶᠂ ᠰᠢᠯᠢ ᠶᠢᠨ ᠭᠤᠣᠯ ᠠᠶᠢᠮᠠᠭ ᠲᠤ 16 ︵  ᠴᠦᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 58 ︵ᠵᠢᠨᠢᠩ ᠲᠣᠭᠤᠷᠢᠭ ᠲᠤ 7᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 49᠂ ᠱᠠᠩᠳᠤ ᠰᠢᠶᠠᠨ ᠳᠤ 2︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ ᠪᠣᠶ︶᠂ ᠦᠬᠠᠢ ᠬᠤᠲᠠ ᠳᠤ 1 ᠬᠥᠮᠥᠨ ︵ᠬᠠᠶᠢᠷᠤᠪ ᠤᠨ ᠲᠣᠬᠤᠢ ᠲᠣᠭᠤᠷᠢᠭ ᠲᠤ ᠪᠣᠶ︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 44 ᠪᠣᠶ᠂ ᠡᠭᠦᠨ ᠳᠤ ᠰᠢᠯᠢ ᠶᠢᠨ ᠭᠤᠣᠯ ᠠᠶᠢᠮᠠᠭ ᠲᠤ 8 ︵ᠡᠷᠢᠶᠡᠨ ᠬᠤᠲᠠ ᠳᠤ 7᠂ ᠰᠥᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 36 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 35 ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ  ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠳᠠᠭᠴᠢ 14  ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ  ᠢ ᠴᠥᠮ  ᠲᠤᠭᠲᠠᠭᠰᠠᠨ ᠡᠮᠨᠡᠯᠭᠡ  ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ