ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠭ᠎ᠠ ᠰᠤᠷᠭᠠᠭᠤᠯᠢ ᠠᠴᠠ ᠠᠩᠬ᠎ᠠ ᠳᠤᠮᠳᠠᠳᠤ ᠳᠤ ᠳᠡᠪᠰᠢᠬᠦ 515 ᠰᠤᠷᠤᠭᠴᠢ ᠳᠤ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠪᠠ
ᠨᠡᠶᠢᠲᠡᠯᠡᠭᠰᠡᠨ ᠴᠠᠭ᠄
2022/8/17
      8 ᠰᠠᠷ᠎ᠠ ᠶᠢᠨ 15 ᠤ ᠡᠳᠦᠷ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2022 ᠣᠨ ᠤ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ ᠲᠤᠬᠠᠶ ᠶᠢᠨ ᠲᠠᠯᠠᠪᠤᠷ ᠤᠨ ᠬᠤᠷᠠᠯ ᠬᠢᠵᠦ᠂ ᠰᠢᠶᠠᠨ ᠤ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠬᠤ ᠳᠤᠭᠤᠶᠢᠯᠠᠩ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠰᠢᠭᠤᠳ ᠬᠠᠷᠢᠶ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠡᠰᠡᠭ ᠬᠡᠷ ᠤᠨ ᠠᠬᠠᠮᠠᠳ ᠤᠨ ᠲᠥᠯᠥᠭᠡᠯᠡᠭᠴᠢ᠂ ᠰᠣᠷᠣᠭᠴᠢ ᠶᠢᠨ ᠲᠥᠯᠥᠭᠡᠯᠡᠭᠴᠢ ᠣᠷᠣᠯᠴᠠᠵᠠᠶ᠃      ᠡᠨᠡ ᠵᠢᠯ ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠪᠥᠬᠦ ᠰᠤᠷᠤᠭᠴᠢᠳ ᠲᠤ ᠬᠡᠷ ᠣᠶᠢᠷᠠᠯᠴᠠᠭ᠎ᠠ ᠬᠡᠰᠡᠭ ᠬᠤᠪᠢᠶᠠᠨ ᠰᠤᠷᠭᠠᠭᠤᠯᠢ ᠳᠤ ᠣᠷᠣᠬᠤ ᠪᠠ ᠺᠣᠮᠫᠢᠦ᠋ᠲ᠋ᠧᠷ ᠢᠶᠠᠷ ᠣᠷᠣᠨ ᠲᠣᠮᠢᠯᠠᠬᠤ ᠶᠢ ᠤᠶᠠᠯᠳᠤᠭᠤᠯᠬᠤ ᠠᠷᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠᠶᠢᠨ᠎ᠠ᠃ ᠰᠤᠷᠭᠠᠭᠤᠯᠢ ᠶᠢᠨ ᠬᠡᠪᠴᠢᠶ᠎ᠡ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠣᠷᠣᠭᠴᠢ ᠶᠢᠨ ᠲᠤᠭ᠎ᠠ᠂ ᠰᠣᠷᠣᠭᠴᠢ ᠶᠢᠨ ᠰᠤᠷᠭᠠᠭᠤᠯᠢ ᠳᠤ ᠣᠷᠣᠬᠤ ᠰᠠᠨᠠᠮᠵᠢ ᠵᠢᠴᠢ ᠰᠣᠷᠣᠭᠴᠢ ᠶᠢᠨ ᠬᠡᠰᠡᠭ ᠲᠣᠭᠤᠷᠢᠭ ᠤᠨ ᠪᠣᠳᠠᠲᠠᠶ ᠣᠷᠣᠨ ᠰᠠᠭᠤᠴᠠ ᠶᠢᠨ ᠪᠠᠶᠢᠳᠠᠯ ᠢ ᠦᠨᠳᠦᠰᠦᠯᠡᠨ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠷᠪᠠᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢ ᠰᠤᠳᠤᠯᠤᠨ ᠲᠣᠭᠲᠠᠭᠠᠪᠠ᠂ ᠪᠣᠳᠠᠲᠠᠶ ᠪᠠᠷ ᠰᠢᠶᠠᠨ ᠤ ᠰᠢᠭᠤᠳ ᠬᠠᠷᠢᠶ᠎ᠠ ᠳᠤᠮᠳᠠᠳᠤ ᠰᠤᠷᠭᠠᠭᠤᠯᠢ ᠪᠣᠯᠤᠨ᠎ᠠ᠄ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 529 ᠰᠣᠷᠣᠭᠴᠢ ᠡᠯᠰᠡᠵᠦ᠂ ᠬᠤᠶᠠᠳᠤᠭᠠᠷ ᠳᠤᠮᠳᠠᠳᠤ ᠰᠤᠷᠭᠠᠭᠤᠯᠢ ᠳᠤ 362 ᠰᠣᠷᠣᠭᠴᠢ ᠡᠯᠰᠡᠵᠦ᠂ ᠭᠤᠷᠪᠠᠳᠤᠭᠠᠷ ᠳᠤᠮᠳᠠᠳᠤ ᠰᠤᠷᠭᠠᠭᠤᠯᠢ ᠳᠤ 362 ᠰᠣᠷᠣᠭᠴᠢ ᠡᠯᠰᠡᠵᠦ᠂ ᠨᠡᠶᠢᠲᠡ 1254 ᠰᠣᠷᠣᠭᠴᠢ ᠡᠯᠰᠡᠨ᠎ᠡ᠃ ᠰᠤᠷᠭᠠᠨ ᠬᠥᠮᠦᠵᠢᠯ ᠤᠨ ᠲᠣᠪᠴᠢᠶ᠎ᠠ ᠠᠴᠠ ᠴᠧᠩ ᠭᠤᠸᠠᠨ ᠤ ᠬᠡᠪᠴᠢᠶᠡᠨ ᠳᠠᠬᠢ ᠥᠪᠡᠷ ᠤᠨ ᠥᠮᠴᠢᠯᠡᠬᠦ ᠡᠷᠬᠡ ᠲᠠᠢ ᠣᠷᠣᠨ ᠰᠠᠭᠤᠴᠠ ᠲᠠᠢ 735 ᠰᠣᠷᠣᠭᠴᠢ ᠶᠢᠨ ᠮᠠᠲ᠋ᠧᠷᠢᠶᠠᠯ ᠢ ᠬᠢᠨᠠᠨ ᠪᠠᠶᠢᠴᠠᠭᠠᠵᠤ ᠬᠠᠷᠭᠤᠭᠤᠯᠤᠨ᠂ ᠣᠶᠢᠷ᠎ᠠ ᠬᠠᠪᠢ ᠳᠠᠭᠠᠨ ᠬᠡᠰᠡᠭ ᠬᠤᠪᠢᠶᠠᠨ ᠰᠤᠷᠭᠠᠭᠤᠯᠢ ᠳᠤ ᠣᠷᠣᠵᠤ ᠰᠢᠭᠤᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠬᠥᠮᠦᠨ ᠤ ᠲᠤᠭ᠎ᠠ ᠶᠢ ᠲᠣᠭᠲᠠᠭᠠᠬᠤ ᠳᠠᠭᠠᠨ᠄ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 524 ᠬᠥᠮᠦᠨ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ 57 ᠬᠥᠮᠦᠨ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ 54 ᠬᠥᠮᠦᠨ ᠪᠣᠯᠤᠨ᠎ᠠ᠃      ᠲᠠᠰᠢᠷᠠᠮ ᠢᠶᠠᠷ ᠣᠷᠣᠨ ᠪᠠᠶᠢᠷᠢ ᠲᠣᠮᠢᠯᠠᠬᠤ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠲᠤᠯᠠᠬᠤ ᠶᠢᠨ ᠲᠤᠰᠠᠳᠠ᠂ ᠰᠤᠷᠭᠠᠨ ᠬᠥᠮᠦᠵᠢᠯ ᠤᠨ ᠲᠣᠪᠴᠢᠶ᠎ᠠ ᠬᠥᠬᠡᠬᠤᠲᠠ ᠶᠢᠨ ᠬᠤᠳᠠ ᠶᠢᠨ ᠲᠣᠭᠤᠷᠢᠭ ᠤᠨ ᠤᠯᠠᠨ ᠵᠢᠯ ᠤᠨ ᠲᠤᠷᠰᠢ ᠬᠡᠷᠡᠭᠯᠡᠵᠦ ᠪᠠᠶᠢᠭᠰᠠᠨ ᠣᠷᠣᠨ ᠪᠠᠶᠢᠷᠢ ᠲᠣᠮᠢᠯᠠᠬᠤ ᠵᠥᠭᠡᠯᠡᠨ ᠲᠤᠨᠤᠭ ᠢ ᠦᠷᠭᠦᠯᠵᠢᠯᠡᠨ ᠬᠡᠷᠡᠭᠯᠡᠬᠦ ᠶᠢᠨ ᠬᠠᠮᠲᠤ ᠬᠤᠳᠠ ᠶᠢᠨ ᠰᠢᠯᠭᠠᠯᠲᠠ ᠶᠢᠨ ᠲᠥᠪ ᠤᠨ ᠮᠡᠳᠡᠭᠡ ᠵᠠᠩᠭᠢ ᠶᠢᠨ ᠰᠠᠯᠠᠭᠠᠨ ᠤ ᠪᠠᠭᠰᠢ ᠶᠢ ᠤᠷᠢᠨ ᠵᠢᠯᠣᠭᠤᠳᠴᠤ᠂ ᠭᠡᠷ ᠤᠨ ᠠᠬᠠᠮᠠᠳ ᠤᠨ ᠲᠥᠯᠥᠭᠡᠯᠡᠭᠴᠢ ᠪᠣᠯᠤᠨ ᠰᠤᠷᠤᠭᠴᠢ ᠶᠢᠨ ᠲᠥᠯᠥᠭᠡᠯᠡᠭᠴᠢ ᠶᠢ ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠵᠠᠢ᠃ ᠬᠠᠮᠤᠭ ᠡᠴᠦᠰ ᠲᠤ᠂ ᠺᠣᠮᠫᠢᠦ᠋ᠲ᠋ᠧᠷ ᠢᠶᠠᠷ ᠵᠢᠩᠬᠢᠨᠢ ᠪᠠᠷ ᠣᠷᠣᠨ ᠪᠠᠶᠢᠷᠢ ᠲᠣᠮᠢᠯᠠᠭᠰᠠᠨ ᠤ ᠳᠠᠷᠠᠭ᠎ᠠ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠬᠡᠯᠲᠡᠰ ᠠᠴᠠ 5 ᠰᠤᠷᠤᠭᠴᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ 305 ᠰᠤᠷᠤᠭᠴᠢ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ 208 ᠬᠥᠮᠦᠨ ᠲᠣᠮᠢᠯᠠᠪᠠ᠃ ᠰᠣᠷᠣᠭᠴᠢ ᠲᠣᠮᠢᠯᠠᠬᠤ ᠨᠡᠷᠡᠰ ᠢ ᠲᠤᠬᠠᠶ ᠶᠢᠨ ᠲᠠᠯᠠᠪᠤᠷ ᠲᠤ ᠨᠠᠭᠠᠵᠤ ᠢᠯᠡ ᠨᠡᠶᠢᠲᠡᠯᠡᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ