ᠬᠤᠲᠠ ᠶᠢᠨ ᠤᠳᠤᠷᠢᠳᠤᠯᠭ᠎ᠠ ᠰᠠᠶᠢᠬᠠᠨ ᠲᠣᠭᠤᠷᠢᠭ ᠲᠤ ᠬᠦᠷᠴᠦ ᠲᠠᠷᠢᠶᠠᠯᠠᠩ ᠤᠨ ᠲᠥᠷᠥᠯ ᠵᠦᠢᠯ ᠤᠨ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/17
ᠯᠢ ᠵᠢᠶᠦ᠋ᠩ ᠣᠷᠣᠯᠴᠠᠵᠠᠢ      ︵ᠰᠤᠷᠪᠤᠯᠵᠢᠯᠠᠭᠴᠢ ᠯᠢᠦ ᠱᠠ ᠱᠠ︶ 8 ᠳ᠋ᠤᠭᠠᠷ ᠰᠠᠷ᠎ᠠ ᠶᠢᠨ 16 ᠤ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠵᠢᠶᠦ᠋ᠩ ᠳᠠᠭᠠᠭᠠᠴᠢᠯᠠᠨ ᠬᠠᠷᠢᠯᠴᠠᠬᠤ ᠣᠷᠣᠨ ᠪᠣᠯᠬᠤ ᠰᠠᠶᠢᠬᠠᠨ ᠲᠣᠭᠤᠷᠢᠭ ᠲᠤ ᠬᠦᠷᠴᠦ᠂ ᠲᠠᠷᠢᠶᠠᠯᠠᠩ ᠤᠨ ᠲᠦᠷᠦᠯ ᠵᠦᠢᠯ ᠤᠨ ᠬᠥᠭᠵᠢᠯᠲᠡ ᠶᠢᠨ ᠪᠠᠶᠢᠳᠠᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠪᠢᠨ ᠣᠷᠣᠯᠴᠠᠵᠠᠢ᠃      ᠯᠢ ᠵᠢᠶᠦ᠋ᠩ ᠨᠠᠷ ᠤᠷᠢᠳ ᠬᠤᠵᠢᠳ ᠸᠠᠨ ᠰᠢᠨ ᠲᠠᠷᠢᠶᠠᠯᠠᠩ ᠤᠨ ᠲᠠᠷᠢᠮᠠᠯ ᠤᠨ ᠬᠤᠷᠰᠢᠶ᠎ᠠ᠂ ᠥᠪᠥᠷ ᠮᠣᠩᠭᠤᠯ ᠤᠨ ᠵᠢᠶᠠᠨ ᠰᠢᠨ ᠲᠠᠷᠢᠶᠠᠯᠠᠩ ᠤᠨ ᠲᠠᠷᠢᠮᠠᠯ ᠤᠨ ᠰᠠᠭᠤᠷᠢᠨ ᠭᠠᠵᠠᠷ᠂ ᠰᠠᠶᠢᠨ ᠲᠠᠷᠢᠶᠠᠯᠠᠩ ᠤᠨ ᠲᠠᠷᠢᠮᠠᠯ ᠤᠨ ᠲᠤᠰᠬᠠᠢ ᠬᠤᠷᠰᠢᠶ᠎ᠠ ᠵᠡᠷᠭᠡ ᠭᠠᠵᠠᠷ ᠢ ᠪᠠᠶᠢᠴᠠᠭᠠᠨ ᠦᠵᠡᠵᠦ᠂ ᠬᠦᠯᠡᠮᠵᠢ ᠶᠢᠨ ᠲᠠᠷᠢᠮᠠᠯ ᠤᠨ ᠬᠡᠪᠴᠢᠶ᠎ᠡ᠂ ᠲᠦᠷᠦᠯ ᠵᠦᠢᠯ ᠲᠦᠷᠦᠯ ᠲᠡᠮᠳᠡᠭᠲᠦ᠂ ᠬᠥᠭᠵᠢᠯᠲᠡ ᠶᠢᠨ ᠵᠠᠭᠪᠤᠷ᠂ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠯᠢ ᠵᠢᠶᠦ᠋ᠩ ᠰᠠᠶᠢᠬᠠᠨ ᠲᠣᠭᠤᠷᠢᠭ ᠤᠨ ᠲᠠᠷᠢᠶᠠᠯᠠᠩ ᠤᠨ ᠲᠦᠷᠦᠯ ᠵᠦᠢᠯ ᠤᠨ ᠬᠥᠭᠵᠢᠯᠲᠡ ᠶᠢᠨ ᠠᠵᠢᠯ ᠢ ᠨᠤᠲᠠᠯᠠᠪᠠ᠃ ᠲᠡᠷᠡ ᠴᠢᠬᠤᠯᠠᠴᠢᠯᠠᠬᠤ ᠳᠠᠭᠠᠨ᠂ ᠣᠨᠴᠠᠯᠢᠭᠲᠤ ᠲᠠᠷᠢᠶᠠᠯᠠᠩ ᠤᠨ ᠲᠦᠷᠦᠯ ᠵᠦᠢᠯ ᠢ ᠬᠥᠭᠵᠢᠭᠦᠯᠬᠦ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠡᠳᠦᠯᠲᠡᠢ ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠲᠥᠯᠥᠪᠯᠡᠨ ᠵᠢᠯᠤᠭᠤᠳᠬᠤ ᠪᠠᠨ ᠴᠢᠩᠭᠠᠳᠬᠠᠵᠤ᠂ ᠪᠣᠬᠢᠷᠳᠤᠯ ᠦᠭᠡᠢ᠂ ᠠᠮᠢ ᠠᠬᠤᠶᠢᠴᠢ᠂ ᠥᠨᠳᠥᠷ ᠪᠦᠲᠦᠮᠵᠢᠲᠡᠢ ᠤᠳᠤ ᠦᠶ᠎ᠡ ᠶᠢᠨ ᠣᠨᠴᠠᠯᠢᠭᠲᠤ ᠲᠠᠷᠢᠶᠠᠯᠠᠩ ᠢ ᠬᠥᠭᠵᠢᠭᠦᠯᠬᠦ ᠪᠠᠷ ᠭᠤᠣᠯ ᠪᠣᠯᠭᠠᠬᠤ ᠬᠡᠷᠡᠭᠲᠡᠢ᠃ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠢᠳᠡᠪᠬᠢᠲᠡᠢ ᠡᠮᠬᠢᠯᠡᠨ ᠨᠡᠶᠢᠯᠡᠭᠦᠯᠵᠦ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠲᠠᠷᠢᠶᠠᠯᠠᠩ ᠳᠤ ᠬᠤᠯᠪᠣᠭᠳᠠᠬᠤ ᠡᠯ᠎ᠡ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠭᠠᠷᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠃ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ᠂ ᠲᠣᠮᠣ ᠲᠠᠯᠠᠪᠠᠢ ᠲᠣᠮᠣ ᠡᠷᠦᠬᠡ ᠶᠢᠨ ︽ᠶᠡᠭᠡ ᠪᠠᠷ ᠪᠠᠭ᠎ᠠ ᠶᠢ ᠳᠠᠶᠢᠴᠢᠯᠠᠬᠤ︾ ᠶᠢ ᠵᠣᠷᠢᠭᠵᠢᠭᠤᠯᠤᠨ ᠵᠢᠯᠤᠭᠤᠳᠴᠤ᠂ ᠣᠨᠴᠠᠯᠢᠭᠲᠤ ᠲᠠᠷᠢᠶᠠᠯᠠᠩ ᠤᠨ ᠬᠡᠪᠴᠢᠶᠡᠵᠢᠭᠰᠡᠨ ᠬᠥᠭᠵᠢᠯᠲᠡ ᠶᠢ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠮᠡᠷᠭᠡᠵᠢᠯ ᠤᠨ ᠳᠡᠮᠵᠢᠯᠭᠡ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠬᠠᠨ ᠲᠣᠭᠤᠷᠢᠭ ᠤᠨ ᠲᠠᠷᠢᠶᠠᠯᠠᠩ ᠤᠨ ᠲᠦᠷᠦᠯ ᠵᠦᠢᠯ ᠤᠨ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ