︵ᠰᠤᠷᠪᠤᠯᠵᠢᠯᠠᠭᠴᠢ ᠯᠢᠦ ᠬᠤᠢ ᠬᠤᠢ︶ 8 ᠳ᠋ᠤᠭᠠᠷ ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ | ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠨᠠᠷ ᠮᠠᠨ ᠤ ᠬᠤᠳᠠ ᠶᠢᠨ ᠶᠢᠨ ᠬᠠᠢ ᠵᠠᠮ ᠤᠨ ᠵᠡᠭᠦᠨᠰᠢ ᠪᠠᠷᠠᠭᠤᠨᠰᠢ ᠰᠤᠨᠤᠭᠰᠠᠨ | ᠬᠡᠰᠡᠭ᠂ ᠶᠢᠨ ᠱᠧᠩ ᠵᠠᠮ ᠵᠡᠷᠭᠡ ᠭᠤᠣᠯᠳᠠᠯᠭ᠎ᠠ ᠲᠠᠢ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ ᠠᠵᠢᠯ ᠢ | ᠲᠤᠬᠠᠢ ᠶᠢᠨ ᠲᠠᠯᠠᠪᠠᠢ ᠳᠤ ᠪᠠᠶᠢᠷᠢᠯᠠᠭᠤᠯᠵᠠᠢ᠃ | ᠾᠧ ᠬᠠᠢ ᠳ᠋ᠦᠩ ᠨᠠᠷ ᠤᠷᠢᠳ ᠬᠤᠵᠢᠳ ᠶᠢᠨ ᠬᠠᠢ ᠵᠠᠮ ᠤᠨ ᠵᠡᠭᠦᠨᠰᠢ ᠰᠤᠨᠤᠭᠰᠠᠨ ᠬᠡᠰᠡᠭ᠂ ᠪᠠᠶᠠᠨᠨᠠᠭᠤᠷ ᠵᠠᠮ ᠤᠨ ᠬᠤᠶᠢᠰᠢ ᠰᠤᠨᠤᠭᠰᠠᠨ ᠬᠡᠰᠡᠭ᠂ ᠶᠢᠨ ᠬᠠᠢ ᠵᠠᠮ ᠤᠨ | ᠪᠠᠷᠠᠭᠤᠨᠰᠢ ᠰᠤᠨᠤᠭᠰᠠᠨ ᠬᠡᠰᠡᠭ᠂ ᠣᠷᠳᠣᠰ ᠶᠡᠭᠡ ᠵᠡᠭᠡᠯᠢ ᠶᠢᠨ ᠪᠠᠷᠠᠭᠤᠨᠰᠢ ᠰᠤᠨᠤᠭᠰᠠᠨ ᠬᠡᠰᠡᠭ᠂ ᠰᠢᠨᠬᠤᠸᠠ ᠶᠡᠭᠡ ᠵᠡᠭᠡᠯᠢ ᠶᠢᠨ ᠪᠠᠷᠠᠭᠤᠨᠰᠢ ᠰᠤᠨᠤᠭᠰᠠᠨ ᠬᠡᠰᠡᠭ᠂ ᠶᠢᠨ ᠱᠧᠩ | ᠵᠠᠮ ᠤᠨ ᠬᠤᠶᠢᠲᠤ ᠬᠡᠰᠡᠭ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠦ᠂ ᠲᠤᠬᠠᠢ ᠶᠢᠨ ᠲᠠᠯᠠᠪᠠᠢ ᠶᠢ ᠦᠵᠡᠵᠦ᠂ ᠠᠬᠢᠴᠠ ᠶᠢ ᠠᠰᠠᠭᠤᠵᠤ᠂ ᠲᠦᠷᠦᠯ ᠵᠦᠢᠯ ᠢ ᠠᠬᠢᠭᠤᠯᠬᠤ | ᠳᠤᠮᠳᠠᠬᠢ ᠡᠪᠡᠷᠰᠢᠶᠡᠯ᠂ ᠲᠦᠭᠵᠢᠷᠡᠯ ᠢ ︽ᠣᠨᠤᠰᠢᠯᠠᠵᠤ︾᠂ ᠲᠦᠷᠦᠯ ᠵᠦᠢᠯ ᠤᠨ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠶᠤᠯᠭᠦᠢ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ | ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠤᠷᠢᠳᠴᠢᠯᠠᠨ ᠲᠣᠭᠲᠠᠭᠠᠭᠰᠠᠨ ᠲᠥᠯᠥᠪᠯᠡᠭᠡ | ᠶᠣᠰᠣᠭᠠᠷ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠵᠦ᠂ ᠬᠤᠲᠠ ᠶᠢᠨ ᠵᠠᠮ ᠤᠨ ᠲᠣᠣᠷ ᠤᠨ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠮᠠᠨ ᠤ ᠬᠤᠲᠠ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠦᠨᠡᠨᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠾᠧ ᠬᠠᠢ ᠳ᠋ᠦᠩ ᠪᠠᠶᠢᠴᠠᠭᠠᠨ ᠰᠤᠳᠤᠯᠤᠯᠲᠠ ᠳᠤᠮᠳᠠ ᠵᠢᠭᠠᠵᠤ ᠭᠠᠷᠭᠠᠭᠰᠠᠨ ᠨᠢ᠂ ᠬᠤᠲᠠ ᠶᠢᠨ ᠵᠠᠮ ᠢ ᠥᠭᠡᠷᠡᠴᠢᠯᠡᠨ ᠰᠠᠶᠢᠵᠢᠷᠠᠭᠤᠯᠬᠤ ᠨᠢ ᠣᠯᠠᠨ ᠲᠦᠮᠡᠨ ᠤ ᠡᠳᠦᠷ | ᠲᠤᠲᠤᠮ ᠤᠨ ᠶᠠᠪᠤᠵᠤ ᠰᠠᠭᠤᠬᠤ ᠳᠤ ᠬᠤᠯᠪᠣᠭᠳᠠᠵᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠪᠣᠯᠣᠨ᠎ᠠ᠃ ᠡᠯ᠎ᠡ ᠪᠠᠷᠢᠯᠭ᠎ᠠ ᠶᠢᠨ ᠨᠢᠭᠡᠴᠡ ᠪᠣᠯᠣᠨ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠳ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ | ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠶᠢᠨ ᠬᠢᠬᠦ ᠶᠢ ᠲᠡᠷᠢᠭᠦᠨ ᠳᠤ ᠲᠠᠯᠪᠢᠨ᠂ ᠲᠦᠷᠭᠡᠨ ᠢ ᠪᠣᠳᠣᠯᠬᠢᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠠᠵᠢᠯᠲᠠᠨ | ᠪᠠ ᠲᠥᠬᠦᠭᠡᠷᠦᠮᠵᠢ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠲᠦᠯᠬᠢᠨ | ᠠᠬᠢᠭᠤᠯᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠣᠯᠣᠨ ᠪᠠᠷᠢᠯᠭ᠎ᠠ ᠶᠢᠨ ᠠᠬᠢᠴᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠵᠢᠷᠤᠭ ᠡᠯᠭᠦᠨ | ᠪᠠᠶᠢᠯᠳᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠰᠣᠳᠣᠨ ᠪᠠᠷᠢᠯᠭ᠎ᠠ᠂ ᠠᠶᠤᠯᠭᠦᠢ ᠪᠠᠷᠢᠯᠭ᠎ᠠ ᠶᠢ ᠬᠦᠴᠦᠯᠡᠨ ᠪᠠᠶᠢᠭᠤᠯᠵᠤ᠂ ᠲᠦᠷᠦᠯ ᠵᠦᠢᠯ ᠢ | ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠲᠡᠷᠭᠡ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠬᠠᠷᠢᠯᠴᠠᠨ | ᠬᠠᠮᠵᠢᠯᠴᠠᠬᠤ ᠪᠠᠨ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ | ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠦᠷ᠎ᠡ ᠪᠦᠲᠦᠮᠵᠢ ᠶᠢ ᠨᠡᠮᠡᠭᠳᠡᠭᠦᠯᠵᠦ᠂ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠵᠡᠷᠭᠡᠪᠡᠷ | ᠰᠠᠶᠢᠲᠤᠷ ᠠᠳᠬᠤᠵᠤ᠂ ᠠᠷᠠᠳ ᠤᠯᠠᠨ ᠤ ᠶᠠᠪᠤᠵᠤ ᠰᠠᠭᠤᠬᠤ ᠨᠥᠬᠦᠴᠡᠯ ᠢ ᠦᠨᠡᠨᠬᠦ ᠰᠠᠶᠢᠵᠢᠷᠠᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠪᠦᠬᠦ ᠲᠠᠯ᠎ᠠ ᠶᠢᠨ᠂ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠨᠢᠭᠡᠴᠡ ᠶᠢ ᠱᠠᠯᠠᠪᠳᠠᠭᠤᠯᠤᠨ ᠳᠦᠷᠢᠮ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠶᠤᠯᠭᠦᠢ ᠥᠨᠳᠥᠷ ᠪᠦᠲᠦᠮᠵᠢᠲᠡᠢ ᠠᠬᠢᠭᠤᠯᠵᠤ᠂ ᠵᠠᠮ ᠢ ᠲᠡᠰ ᠳᠡᠪᠰᠢᠭᠦᠯᠬᠦ | ᠥᠭᠡᠷᠡᠴᠢᠯᠡᠯᠲᠡ ᠪᠠᠷ ᠥᠨᠳᠥᠷ ᠶᠠᠰᠤ ᠴᠢᠨᠠᠷ ᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠩ ᠰᠠᠶᠢᠨ | ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠧᠢ ᠬᠤᠩ ᠵᠢᠶᠦ᠋ᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ ᠹᠠᠨ ᡁᠢ ᠵᠥᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠭᠠᠵᠠᠷ | ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |