ᠪᠣᠣ ᠭᠠᠩ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠬᠦᠷᠴᠦ ᠠᠵᠢᠯ ᠵᠣᠯᠭᠠᠭᠤᠯᠪᠠ
ᠨᠡᠶᠢᠲᠡᠯᠡᠭᠰᠡᠨ ᠴᠠᠭ᠄
2022/8/17
      ︵ᠰᠤᠷᠪᠤᠯᠵᠢᠯᠠᠭᠴᠢ ᠠᠷᠢᠭᠤᠨ᠎ᠠ︶ 8 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠨᠠᠷ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠬᠦᠷᠴᠦ᠂ ᠬᠤᠯᠪᠣᠭᠳᠠᠯ ᠪᠦᠬᠦᠢ ᠠᠵᠢᠯ ᠢ ᠵᠣᠯᠭᠠᠭᠤᠯᠵᠠᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠠᠵᠢᠯ ᠵᠣᠯᠭᠠᠭᠤᠯᠬᠤ ᠰᠠᠭᠤᠳᠠᠯ ᠤᠨ ᠬᠤᠷᠠᠯ ᠳᠤ ᠣᠷᠣᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠷᠳᠤ ᠬᠤᠭᠤᠴᠠᠭᠠᠨ ᠤ ᠲᠤᠷᠰᠢ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠣᠨᠴᠠᠭᠠᠶᠢᠯᠠᠨ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠮᠠᠨ ᠤ ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠭᠵᠢᠯᠲᠡ ᠶᠢᠨ ᠰᠡᠳᠬᠢᠴᠡ ᠪᠣᠯᠣᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠪᠴᠢ ᠲᠠᠨᠢᠯᠴᠠᠭᠤᠯᠵᠠᠢ᠃ ᠲᠡᠷᠡ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨ ︽ᠳᠥᠷᠪᠡᠨ ᠲᠡᠮᠦᠷ ᠮᠡᠲᠦ︾ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ︽ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ︾ ᠵᠡᠷᠭᠡ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠨᠡᠶᠢᠭᠡᠮ ᠤᠨ ᠲᠣᠭᠲᠠᠭᠤᠨ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠣᠷᠣᠵᠤ ᠢᠷᠡᠬᠦ ᠶᠢ ᠰᠡᠷᠭᠡᠶᠢᠯᠡᠨ ᠡᠵᠡᠮᠳᠡᠬᠦ ᠵᠢᠴᠢ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠰᠠᠯᠭᠠᠨ ᠰᠢᠢᠳᠪᠦᠷᠢᠯᠡᠬᠦ ᠵᠡᠷᠭᠡ ᠰᠢᠪᠲᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠮᠠᠨ ᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠵᠢᠱᠢᠶᠡᠴᠢ ᠬᠤᠰᠢᠭᠤᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ  ᠥᠨᠳᠦᠷ ᠦᠨᠡᠯᠡᠯᠲᠡ ᠪᠠ ᠥᠷᠭᠡᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠡᠲᠡᠭᠡᠷ ᠠᠮᠵᠢᠯᠲᠠ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠦᠴᠦᠲᠡᠢ ᠵᠢᠯᠣᠭᠤᠳᠤᠯᠭ᠎ᠠ ᠳᠡᠮᠵᠢᠯᠭᠡ ᠪᠠ ᠬᠦᠴᠦᠲᠡᠢ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠥᠩᠭᠡᠷᠡᠭᠰᠡᠨ ᠲᠠᠢ ᠪᠠᠨ ᠠᠳᠠᠯᠢ ᠪᠠᠷ ᠣᠷᠣᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠵᠦ᠂ ᠣᠷᠣᠨ ᠤ ᠲᠥᠪ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ᠂ ᠰᠤᠷᠤᠯᠴᠠᠬᠤ ᠳᠤ ᠲᠣᠬᠢᠷᠠᠮᠵᠢᠲᠠᠢ᠂ ᠰᠤᠪᠢᠯᠠᠬᠤ ᠳᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠲᠤᠰᠠᠯᠠᠬᠤ ᠶᠢ ᠬᠦᠰᠡᠵᠦ ᠪᠠᠶᠢᠨ᠎ᠠ ᠭᠡᠵᠡᠢ᠃      ᠵᠧᠩ ᠭᠤᠸᠠᠩ ᠵᠤᠤ ᠪᠣᠣ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠤᠨ ᠲᠤᠷᠰᠢ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠲᠦᠷᠭᠡᠨ᠂ ᠲᠠᠪᠰᠢᠯᠳᠠ ᠶᠡᠭᠡ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠰᠠᠭᠤᠷᠢ ᠰᠠᠶᠢᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠤᠨ ᠡᠩᠨᠡᠭᠡ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠠᠵᠢᠯ ᠲᠥᠷᠥᠯ ᠳᠡᠭᠡᠨ ᠴᠢᠳᠠᠮᠠᠭᠠᠢ ᠪᠠᠶᠢᠵᠤ᠂ ᠮᠠᠰᠢ ᠰᠠᠶᠢᠨ ᠠᠮᠵᠢᠯᠲᠠ ᠣᠯᠵᠠᠢ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠵᠢᠯᠤᠭᠤᠳᠬᠤ ᠪᠠ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠂ ᠮᠦᠨᠴᠦ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯᠲᠠᠨ᠂ ᠵᠠᠷᠤᠳᠠᠯ᠂ ᠲᠥᠷᠥ ᠶᠢᠨ ᠪᠣᠳᠣᠯᠭ᠎ᠠ ᠵᠡᠷᠭᠡ ᠲᠠᠯ᠎ᠠ ᠪᠠᠷ ᠬᠢ ᠲᠤᠯᠭᠠᠭᠤᠷᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠨ ᠤ ᠲᠥᠪ ᠬᠤᠲᠠ ᠵᠢᠴᠢ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠴᠤ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠬᠤᠳᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠴᠧᠩ ᠮᠢᠨ᠂ ᠯᠢ ᠵᠢᠶᠦ᠋ᠨ ᠰᠤᠷᠪᠤᠯᠵᠢᠯᠠᠭ᠎ᠠ ᠶᠢᠨ ᠰᠠᠭᠤᠳᠠᠯ ᠤᠨ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ