8 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/17
      8 ᠳ᠋ᠤᠭᠠᠷ ᠰᠠᠷ᠎ᠠ ᠶᠢᠨ 16 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠦᠮ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ︶  ᠨᠡᠮᠡᠭᠳᠡᠵᠦ᠂ ᠡᠭᠦᠨ ᠳᠤ ᠬᠥᠬᠡᠬᠤᠲᠠ ᠳᠤ 1 ︵8 ᠳ᠋ᠤᠭᠠᠷ ᠰᠠᠷ᠎ᠠ ᠶᠢᠨ 13 ᠤ ᠡᠳᠦᠷ ᠤᠨ ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ᠂ ᠡᠮᠦᠨᠡᠬᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠣᠶᠢᠷ᠎ᠠ ᠬᠠᠪᠢᠳᠠᠯ︶᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 10 ᠬᠥᠮᠥᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 3 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 6 ︵ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ 5᠂ ᠱᠠᠩᠲᠤ ᠰᠢᠶᠠᠨ ᠳᠤ 1︶᠂ ᠦᠬᠠᠢ ᠬᠤᠲᠠ ᠳᠤ 1 ︵ᠬᠠᠶᠢᠷᠣᠪ ᠤᠨ ᠲᠣᠬᠤᠢ ᠲᠣᠭᠤᠷᠢᠭ ᠲᠤ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 7 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 3 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶ ᠪᠣᠢ᠃      8 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 73 ᠪᠤᠢ᠂ ᠡᠭᠦᠨ ᠳᠤ ᠬᠥᠬᠡᠬᠤᠲᠠ ᠳᠤ 7 ︵ᠦᠴᠦᠸᠠᠨ ᠰᠢᠶᠠᠨ ᠳᠤ 1᠂ ᠪᠤᠰᠤᠳ 6 ᠨᠢ ᠨᠢᠭᠡ ᠡᠭᠡᠯᠵᠢ ᠶᠢᠨ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶᠂ ᠰᠢᠯᠢ ᠶᠢᠨ ᠭᠤᠣᠯ ᠠᠶᠢᠮᠠᠭ ᠲᠤ 13 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 52 ︵ᠵᠢᠨᠢᠩ ᠲᠣᠭᠤᠷᠢᠭ ᠲᠤ 7᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ 44᠂ ᠱᠠᠩᠳᠤ ᠰᠢᠶᠠᠨ ᠳᠤ 1︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 39 ᠪᠣᠢ᠂ ᠡᠭᠦᠨ ᠳᠤ ᠬᠥᠬᠡᠬᠤᠲᠠ ᠳᠤ 1 ︵ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠂ ᠰᠢᠯᠢ ᠶᠢᠨ ᠭᠤᠣᠯ ᠠᠶᠢᠮᠠᠭ ᠲᠤ 4 ︵ᠡᠷᠢᠶᠡᠨ ᠬᠤᠲᠠ ᠳᠤ 3᠂ ᠰᠥᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 34 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 33︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 14 ︵ᠴᠥᠮ ᠬᠥᠬᠡᠬᠤᠲᠠ ᠳᠤ︶  ᠪᠣᠢ᠃ ᠳᠡᠭᠡᠷᠡᠬᠢ ᠬᠦᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ