ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠤᠰᠤᠨ ᠳᠤ ᠵᠢᠪᠬᠦ ᠶᠢ ᠰᠡᠷᠭᠡᠶᠢᠯᠡᠬᠦ ᠰᠦᠯᠵᠢᠶᠡᠨ ᠳᠡᠭᠡᠷᠡᠬᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2022/8/17
20220817.jpg
      ᠪᠥᠬᠦ ᠠᠷᠠᠳ ᠤᠨ ᠠᠶᠤᠯᠭᠦᠢ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠨ ᠤ ᠠᠮᠠᠷᠠᠯᠲᠠ ᠶᠢᠨ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠤᠰᠤᠨ ᠳᠤ ᠵᠢᠪᠬᠦ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ  ᠬᠢᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠯᠪᠠᠨ ᠤ ᠲᠠᠯ᠎ᠠ ᠶᠢᠨ ᠲᠢᠺ ᠲᠣᠺ ᠲᠠᠪᠴᠠᠩ ᠳᠤ ᠲᠦᠰᠢᠭᠯᠡᠨ ︽ᠤᠰᠤᠨ ᠳᠤ ᠤᠮᠪᠠᠵᠤ ᠤᠰᠤᠨ ᠳᠤ ᠨᠠᠭᠠᠳᠴᠤ ᠰᠡᠷᠢᠭᠦᠴᠡᠬᠦ ᠳᠡᠭᠡᠨ ᠠᠶᠤᠯᠭᠦᠢ ᠶᠢ ᠴᠠᠭ ᠢᠮᠠᠭᠲᠠ ᠠᠩᠬᠠᠷᠬᠤ ᠬᠡᠷᠡᠭᠲᠡᠢ︾ ᠪᠠᠷ ᠭᠤᠣᠯ ᠰᠡᠳᠦᠪ ᠪᠣᠯᠭᠠᠭᠰᠠᠨ ᠤᠰᠤᠨ ᠳᠤ ᠵᠢᠪᠬᠦ ᠶᠢ ᠰᠡᠷᠭᠡᠶᠢᠯᠡᠬᠦ ᠰᠦᠯᠵᠢᠶᠡᠨ ᠳᠡᠭᠡᠷᠡᠬᠢ ᠬᠢᠴᠢᠶᠡᠯ ᠡᠷᠬᠢᠯᠡᠪᠡ᠃      ᠬᠢᠴᠢᠶᠡᠯ ᠳᠡᠭᠡᠷ᠎ᠡ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠨ ᠠᠴᠠ ᠥᠷᠭᠡᠨ ᠣᠯᠠᠨ ᠬᠤᠲᠠ ᠶᠢᠨ ᠠᠷᠠᠳ ᠲᠤ ︽ᠤᠰᠤᠨ ᠳᠤ ᠵᠢᠪᠬᠦ ᠶᠢᠨ ᠤᠬᠠᠭᠳᠠᠬᠤᠨ ᠪᠠ ᠬᠤᠣᠷ ᠨᠥᠯᠥᠭᠡ᠂ ᠤᠰᠤᠨ ᠳᠤ ᠵᠢᠪᠬᠦ ᠨᠢ ᠬᠡᠳᠦᠨ ᠵᠦᠢᠯ ᠪᠠᠶᠢᠳᠠᠭ᠂ ᠤᠰᠤᠨ ᠳᠤ ᠵᠢᠪᠬᠦ ᠠᠴᠠ ᠡᠮᠦᠨ᠎ᠡ ᠶᠠᠭᠤ ᠶᠢ ᠠᠩᠬᠠᠷᠬᠤ ᠬᠡᠷᠡᠭᠲᠡᠢ ᠪᠣᠶ︾ ᠭᠡᠬᠦ ᠮᠡᠲᠦ ᠶᠢᠨ ᠤᠰᠤᠨ ᠳᠤ ᠵᠢᠪᠬᠦ ᠶᠢ ᠰᠡᠷᠭᠡᠶᠢᠯᠡᠬᠦ ᠡᠯ᠎ᠡ ᠵᠦᠢᠯ ᠤᠨ ᠮᠡᠳᠡᠯᠭᠡ ᠶᠢ ᠨᠠᠷᠢᠨ ᠬᠢᠨᠠᠮᠠᠭᠠᠢ  ᠲᠠᠶᠢᠯᠪᠤᠷᠢᠯᠠᠵᠤ ᠥᠭᠪᠡ᠃ ᠡᠭᠦᠨ ᠤ ᠬᠠᠮᠲᠤ ᠲᠤᠬᠠᠢ ᠶᠢᠨ ᠲᠠᠯᠠᠪᠠᠶ ᠳᠤ ᠤᠰᠤᠨ ᠳᠤ ᠵᠢᠪᠦᠭᠰᠡᠨ ᠬᠦᠮᠦᠨ ᠢ ᠡᠷᠭᠢ ᠳᠤ ᠭᠠᠷᠭᠠᠭᠰᠠᠨ ᠤ ᠳᠠᠷᠠᠭ᠎ᠠ ᠬᠡᠷᠬᠢᠨ ᠲᠦᠷᠭᠡᠨ ᠠᠪᠤᠷᠠᠬᠤ ᠂ ᠤᠰᠤᠨ ᠳᠤ ᠵᠢᠪᠦᠭᠰᠡᠨ ᠬᠦᠮᠦᠨ ᠢ ᠬᠡᠷᠬᠢᠨ ᠬᠠᠪᠰᠤᠷᠴᠤ ᠠᠮᠢᠰᠬᠤᠯ ᠢ ᠨᠢ ᠰᠡᠷᠭᠦᠭᠡᠬᠦ ᠵᠡᠷᠭᠡ ᠶᠢ ᠦᠨᠡᠨ ᠬᠦᠮᠦᠨ ᠳᠠᠭᠤᠷᠢᠶᠠᠨ ᠬᠢᠵᠦ᠂ ᠰᠦᠯᠵᠢᠶᠡᠨ ᠤ ᠨᠠᠶᠢᠵᠠ ᠨᠠᠷ ᠲᠤ ᠤᠰᠤᠨ ᠳᠤ ᠵᠢᠪᠬᠦ ᠠᠴᠠ ᠰᠡᠷᠭᠡᠶᠢᠯᠡᠬᠦ ᠮᠡᠳᠡᠯᠭᠡ ᠶᠢᠨ ᠬᠥᠮᠦᠵᠢᠯ ᠬᠦᠷᠲᠡᠭᠡᠪᠡ᠃ ᠰᠤᠷᠪᠤᠯᠵᠢᠯᠠᠭᠴᠢ ᠯᠢᠶᠠᠩ ᠵᠢᠩ ᠱᠤ᠋ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ