ᠪᠣᠣ ᠭᠠᠩ ᠾᠧ ᠬᠠᠢ ᠳ᠋ᠦᠩ ᠵᠦᠩ ᠰᠢᠩ ᠴᠢᠮᠡᠭᠡ ᠬᠤᠯᠪᠣᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠵᠦ ᠶᠦᠩ ᠲᠤᠤ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/18
      ︵ᠰᠤᠷᠪᠤᠯᠵᠢᠯᠠᠭᠴᠢ ᠶᠦᠨ ᠵᠢᠩ ᠯᠢᠦ ᠬᠤᠢ ᠬᠤᠢ︶ 8 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠵᠦᠩ ᠰᠢᠩ ᠴᠢᠮᠡᠭᠡ ᠬᠤᠯᠪᠣᠭ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ᠂ ᠵᠠᠰᠠᠭ ᠠᠵᠤ ᠠᠬᠤᠶᠢᠯᠠᠯ ᠤᠨ ᠳᠤᠮᠳᠠᠳᠤ ᠤᠯᠤᠰ ᠤᠨ ᠠᠵᠢᠯ ᠦᠢᠯᠡᠰ ᠤᠨ ᠬᠡᠯᠲᠡᠰ ᠤᠨ ᠶᠡᠷᠦᠩᠬᠡᠢ ᠳᠠᠭᠠᠭᠠᠮᠠᠯ ᠵᠦ ᠶᠦᠩ ᠲᠤᠤ ᠨᠠᠷ ᠲᠠᠢ ᠠᠭᠤᠯᠵᠠᠪᠠ᠃      ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠵᠦ ᠶᠦᠩ ᠲᠤᠤ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠂ ᠲᠡᠷᠡ ᠬᠡᠯᠡᠬᠦ ᠳᠡᠭᠡᠨ᠂ ᠵᠦᠩ ᠰᠢᠩ ᠴᠢᠮᠡᠭᠡ ᠬᠤᠯᠪᠣᠭ᠎ᠠ ᠪᠣᠯ ᠳᠡᠯᠡᠬᠡᠢ ᠶᠢᠨ ᠲᠡᠷᠢᠭᠦᠨ ᠤ ᠶᠡᠷᠦᠩᠬᠡᠶᠢᠯᠡᠭᠰᠡᠨ ᠴᠢᠮᠡᠭᠡ ᠬᠤᠯᠪᠣᠭᠠᠨ ᠤ ᠰᠢᠢᠳᠪᠦᠷᠢᠯᠡᠬᠦ ᠲᠥᠰᠥᠯ ᠬᠠᠩᠭᠠᠭᠴᠢ ᠠᠵᠤ ᠠᠬᠤᠶᠢᠯᠠᠯ᠂ ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠤ ᠳᠠᠭᠠᠭᠤᠯᠤᠭᠴᠢ ᠠᠵᠤ ᠠᠬᠤᠶᠢᠯᠠᠯ ᠪᠣᠯᠣᠨ᠎ᠠ᠂ ᠲᠤᠭ᠎ᠠ ᠪᠠᠷᠢᠮᠲᠠ ᠶᠢᠨ ᠴᠢᠮᠡᠭᠡ ᠬᠤᠯᠪᠣᠭ᠎ᠠ᠂ ᠬᠢᠮᠡᠯ ᠤᠶᠦᠠ᠂ ᠡᠭᠦᠯᠡᠨ ᠪᠣᠳᠣᠯᠲᠠ ᠵᠡᠷᠭᠡ ᠬᠦᠷᠢᠶᠡᠨ ᠳᠤ ᠬᠦᠴᠦᠷᠬᠡᠭ ᠶᠡᠭᠡ ᠰᠤᠳᠤᠯᠤᠨ ᠨᠡᠭᠡᠭᠡᠬᠦ ᠴᠢᠳᠠᠪᠤᠷᠢ ᠪᠠ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ ᠲᠠᠢ ᠶᠤᠮ᠃ ᠣᠳᠣᠬᠠᠨ ᠳᠤ᠂ ᠬᠥᠬᠡᠬᠤᠲᠠ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠪᠠᠷ ᠣᠨᠴᠠᠯᠢᠭ ᠪᠣᠯᠭᠠᠭᠰᠠᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠪᠣᠶᠢᠵᠢᠭᠤᠯᠵᠤ᠂ ᠲᠡᠷᠡᠴᠢᠯᠡᠨ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠵᠤ᠂ ᠤᠳᠤ ᠨᠢᠭᠡᠨᠲᠡ ᠤᠯᠤᠰ ᠤᠨ ᠲᠡᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠬᠤ ᠭᠤᠣᠯ ᠴᠡᠭ ᠪᠣᠯᠣᠨ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ ᠤᠯᠤᠰ ᠤᠨ ᠵᠠᠩᠭᠢᠯᠠᠭ᠎ᠠ ᠶᠢᠨ ᠴᠡᠭ ᠪᠣᠯᠵᠤ᠂ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠳᠣᠬᠤ︾ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠳᠣᠯᠭ᠎ᠠ ᠶᠢᠨ ᠬᠦᠴᠦᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠪᠡ᠂ ᠡᠨᠡ ᠨᠢ ᠵᠦᠩ ᠰᠢᠩ ᠴᠢᠮᠡᠭᠡ ᠬᠤᠯᠪᠣᠭ᠎ᠠ ᠶᠢᠨ ᠬᠥᠬᠡᠬᠤᠲᠠ ᠳᠠᠬᠢ ᠬᠥᠭᠵᠢᠯᠲᠡ ᠳᠤ ᠨᠡᠩ ᠥᠷᠭᠡᠨ ᠠᠭᠤᠳᠠᠮ ᠣᠷᠣᠨ ᠵᠠᠢ ᠬᠠᠩᠭᠠᠬᠤ ᠪᠣᠯᠣᠨ᠎ᠠ᠃ ᠵᠦᠩ ᠰᠢᠩ ᠴᠢᠮᠡᠭᠡ ᠬᠤᠯᠪᠣᠭ᠎ᠠ ᠬᠥᠭᠵᠢᠯᠲᠡ ᠶᠢᠨ ᠴᠣᠩᠬᠤᠪᠴᠢ ᠶᠢᠨ ᠬᠤᠭᠤᠴᠠᠭ᠎ᠠ ᠶᠢ ᠠᠮᠵᠢᠵᠤ᠂ 5G ᠶᠢᠨ ᠮᠡᠷᠭᠡᠵᠢᠯ ᠤᠨ ᠬᠡᠷᠡᠭᠯᠡᠯᠲᠡ᠂ ᠪᠣᠳᠣᠯᠭ᠎ᠠ ᠶᠢᠨ ᠬᠦᠴᠦᠨ ᠤ ᠳᠡᠭᠡᠭᠰᠢᠯᠡᠯᠲᠡ᠂ ᠣᠶᠤᠨᠲᠤ ᠬᠤᠳᠠ᠂ ᠲᠣᠭᠠᠴᠢᠯᠠᠭᠰᠠᠨ ᠠᠵᠤ ᠠᠬᠤᠢ ᠵᠡᠷᠭᠡ ᠲᠠᠯ᠎ᠠ ᠪᠠᠷ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠭᠠᠷᠳᠠᠴᠠ ᠶᠢ ᠣᠨᠣᠪᠴᠢᠲᠠᠢ ᠣᠯᠵᠤ᠂ ᠣᠷᠣᠨ ᠤ ᠲᠥᠪ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠴᠤ ᠦᠷᠭᠦᠯᠵᠢᠯᠡᠨ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠬᠡᠬᠤᠲᠠ ᠳᠤ ᠪᠡᠯᠡ ᠣᠷᠣᠭᠤᠯᠤᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠪᠣᠯᠣᠨ᠎ᠠ ᠭᠡᠵᠡᠢ᠃      ᠵᠤ᠋ ᠶᠦᠩ ᠲᠤᠤ ᠵᠥᠩ ᠰᠢᠩ ᠮᠡᠳᠡᠭᠡ ᠬᠤᠯᠪᠣᠭᠠᠨ ᠤ ᠬᠠᠷᠢᠴᠠᠭᠤᠯᠤᠭᠰᠠᠨ ᠳᠠᠪᠠᠭᠤᠯᠢᠭ᠂ ᠬᠥᠭᠵᠢᠯᠲᠡ ᠶᠢᠨ ᠢᠷᠡᠭᠡᠳᠦᠢ ᠪᠣᠯᠣᠨ ᠠᠵᠤ ᠦᠢᠯᠡᠰ ᠤᠨ ᠪᠠᠶᠢᠷᠢᠰᠢᠯ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠵᠠᠢ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠥᠪᠡᠷ ᠤᠨ ᠥᠷᠲᠡᠭ ᠤᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠢᠯᠡᠳᠲᠡ ᠪᠠᠶᠢᠵᠤ᠂ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠳᠣᠬᠤ︾ ᠢᠨᠵᠧᠨᠧᠷᠢᠩ ᠢ ᠬᠡᠷᠡᠭᠵᠢᠭᠦᠯᠬᠦ ᠳᠡᠭᠡᠷ᠎ᠡ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠰᠠᠨ ᠪᠥᠭᠡᠳ ᠵᠥᠩ ᠰᠢᠩ ᠴᠢᠮᠡᠭᠡ ᠬᠤᠯᠪᠣᠭ᠎ᠠ ᠶᠢᠨ ᠣᠯᠠᠨ ᠴᠢᠬᠤᠯᠠ ᠬᠡᠷᠡᠭᠯᠡᠭᠴᠢ ᠶᠢ ᠴᠤᠭᠯᠠᠷᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠵᠦᠩ ᠰᠢᠩ ᠴᠢᠮᠡᠭᠡ ᠬᠤᠯᠪᠣᠭ᠎ᠠ ᠨᠢ ᠲᠤᠰ ᠪᠡᠶ᠎ᠡ ᠶᠢᠨ ᠠᠵᠤ ᠦᠢᠯᠡᠰ᠂ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠤ ᠲᠥᠪ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠥᠷᠨᠢᠯᠲᠡ ᠳᠤ ᠢᠳᠡᠪᠬᠢᠲᠡᠢ ᠠᠭᠤᠰᠤᠯᠴᠠᠵᠤ᠂ ᠡᠷᠲᠡᠬᠡᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠤ᠂ ᠬᠠᠮᠲᠤᠷᠠᠯᠴᠠᠭᠠᠨ ᠤ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠨ᠎ᠠ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠯᠢ ᠰᠢᠶᠣᠣ ᠶᠠᠨ ᠵᠢᠴᠢ ᠬᠠᠮᠢᠶ᠎ᠠ ᠪᠦᠬᠦᠢ ᠭᠠᠵᠠᠷ ᠣᠷᠣᠨ ᠤ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ