︵ᠰᠤᠷᠪᠤᠯᠵᠢᠯᠠᠭᠴᠢ ᠮᠢᠶᠣᠣ ᠰᠢᠨ︶ 8 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠮᠠᠨ ᠤ ᠬᠤᠲᠠ ᠪᠡᠭᠡᠵᠢᠩ ᠬᠤᠲᠠ ᠪᠠ ᠮᠧᠨ ᠲᠧᠦ ᠭᠧᠦ ᠲᠣᠭᠤᠷᠢᠭ ᠤᠨ ᠬᠠᠪᠰᠤᠷᠤᠨ | ᠲᠡᠳᠬᠦᠬᠦ ᠲᠥᠷᠥᠯ ᠵᠦᠢᠯ ᠢ ᠨᠡᠶᠢᠲᠡ 22 ᠭᠤᠶᠤᠴᠢᠯᠠᠨ ᠮᠡᠳᠡᠭᠦᠯᠵᠦ᠂ 4312.8 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠣᠯᠵᠤ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ | ᠪᠣᠯᠬᠤ ᠦᠴᠦᠸᠠᠨ ᠰᠢᠶᠠᠨ ᠢ ᠭᠤᠣᠯᠳᠠᠯᠭ᠎ᠠ ᠲᠠᠢ ᠳᠡᠮᠵᠢᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ | ᠨᠡᠶᠢᠭᠡᠮ ᠤᠨ ᠣᠯᠠᠨ ᠨᠡᠶᠢᠲᠡ ᠶᠢᠨ ᠠᠵᠢᠯ ᠦᠢᠯᠡᠰ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠬᠥᠳᠡᠯᠮᠦᠷᠢ | ᠦᠢᠯᠡᠴᠢᠯᠡᠭᠡᠨ ᠤ ᠬᠠᠮᠵᠢᠯᠴᠠᠭ᠎ᠠ᠂ ᠬᠦᠷᠢᠶ᠎ᠡ ᠬᠠᠰᠢᠶ᠎ᠠ ᠶᠢᠨ ᠠᠵᠤ ᠠᠬᠤᠢ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠵᠡᠷᠭᠡ ᠬᠦᠷᠢᠶᠡᠨ ᠳᠤ | ᠭᠤᠣᠯᠳᠠᠯᠭ᠎ᠠ ᠲᠠᠢ ᠪᠡᠯᠡ ᠣᠷᠣᠭᠤᠯᠵᠤ᠂ ᠦᠴᠦᠸᠠᠨ ᠰᠢᠶᠠᠨ ᠤ 2 ᠲᠦᠮᠡ ᠭᠠᠷᠤᠢ ᠬᠥᠮᠥᠨ ᠳᠤ ᠠᠰᠢᠭ ᠬᠦᠷᠲᠡᠭᠡᠪᠡ᠃ | ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢᠨ ᠦᠷ᠎ᠡ | ᠠᠰᠢᠭ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠮᠠᠨ ᠤ ᠬᠤᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ᠂ | ᠲᠥᠷᠥᠯ ᠵᠦᠢᠯ ᠤᠨ ᠬᠢᠨᠠᠨ ᠬᠠᠷᠭᠤᠭᠤᠯᠤᠯᠲᠠ᠂ ᠬᠢᠨᠠᠯᠲᠠ ᠪᠠᠶᠢᠴᠠᠭᠠᠯᠲᠠ ᠵᠡᠷᠭᠡ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠭᠤᠣᠯᠳᠠᠯᠭ᠎ᠠ ᠲᠠᠢ | ᠳᠣᠪᠤᠶᠢᠯᠭᠠᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠦᠷᠦᠯ ᠵᠦᠢᠯ ᠢ ᠲᠣᠭᠲᠠᠭᠤᠨ ᠢᠶᠠᠷ ᠨᠠᠶᠢᠳᠠᠪᠤᠷᠢᠵᠢᠭᠤᠯᠪᠠ᠄ | ᠨᠢᠭᠡ ᠳᠤ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯᠣᠨ ᠲᠦᠷᠦᠯ | ᠵᠦᠢᠯ ᠢ ᠬᠡᠷᠡᠭᠵᠢᠭᠦᠯᠬᠦ ᠨᠠᠷᠢᠨ ᠳᠦᠷᠢᠮ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠮᠵᠢᠯᠴᠠᠭᠠᠨ ᠤ ᠲᠦᠷᠦᠯ ᠵᠦᠢᠯ ᠢ ᠬᠡᠷᠡᠭᠵᠢᠭᠦᠯᠬᠦ ᠭᠤᠣᠯ | ᠴᠣᠭᠴᠠ᠂ ᠪᠡᠯᠡ ᠮᠥᠩᠭᠦ ᠶᠢ ᠬᠡᠷᠡᠭᠯᠡᠬᠦ ᠴᠢᠭᠯᠡᠯ ᠢ ᠲᠣᠳᠣᠷᠬᠠᠶᠢᠯᠠᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ | ᠮᠥᠩᠭᠦ ᠶᠢ ᠬᠡᠷᠡᠭᠯᠡᠬᠦ ᠪᠠ ᠲᠦᠷᠦᠯ ᠵᠦᠢᠯ ᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠨ ᠵᠢᠯᠤᠭᠤᠳᠴᠤ᠂ ᠬᠠᠮᠵᠢᠯᠴᠠᠭᠠᠨ ᠤ ᠪᠡᠯᠡ ᠮᠥᠩᠭᠦ ᠶᠢᠨ | ᠦᠷ᠎ᠡ ᠠᠰᠢᠭ ᠢ ᠦᠨᠡᠨᠬᠦ ᠰᠠᠶᠢᠲᠤᠷ ᠪᠠᠳᠠᠷᠠᠭᠤᠯᠬᠤ ᠳᠤ ᠪᠠᠲᠤᠯᠠᠭ᠎ᠠ ᠬᠠᠩᠭᠠᠪᠠ︔ ᠬᠤᠶᠠᠷ ᠲᠤ᠂ ᠲᠥᠷᠥᠯ ᠵᠦᠢᠯ ᠤᠨ ᠬᠢᠨᠠᠨ ᠬᠠᠷᠭᠤᠭᠤᠯᠤᠯᠲᠠ ᠶᠢ | ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠨᠤᠲᠠᠯᠠᠯᠲᠠ ᠶᠢ ᠤᠷᠢᠳᠴᠢᠯᠠᠨ ᠲᠥᠯᠥᠪᠯᠡᠵᠦ ᠰᠠᠶᠢᠲᠤᠷ ᠬᠢᠵᠦ᠂ ᠵᠢᠯ ᠪᠦᠷᠢ ᠶᠢᠨ 10 | ᠳ᠋ᠤᠭᠠᠷ ᠰᠠᠷ᠎ᠠ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥᠯ ᠵᠦᠢᠯ ᠢ ᠰᠢᠯᠢᠨ ᠰᠣᠩᠭᠤᠬᠤ ᠠᠵᠢᠯ ᠢ ᠡᠬᠢᠯᠡᠭᠦᠯᠵᠦ᠂ ᠳᠠᠷᠠᠭ᠎ᠠ | ᠵᠢᠯ ᠤᠨ ᠲᠥᠷᠥᠯ ᠵᠦᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠶᠢᠨ ᠬᠠᠮᠲᠤ ᠰᠣᠩᠭᠤᠨ ᠮᠡᠳᠡᠭᠦᠯᠦᠭᠰᠡᠨ ᠲᠥᠷᠥᠯ ᠵᠦᠢᠯ ᠳᠤ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠨᠤᠲᠠᠯᠠᠯᠲᠠ ᠬᠢᠵᠦ᠂ ᠲᠥᠷᠥᠯ ᠵᠦᠢᠯ ᠤᠨ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ | ᠳᠣᠪᠣᠶᠢᠯᠭᠠᠪᠠ︔ ᠭᠤᠷᠪᠠ ᠳᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠥᠷᠥᠯ ᠵᠦᠢᠯ ᠢ ᠵᠠᠷᠯᠠᠨ ᠨᠡᠶᠢᠲᠡᠯᠡᠬᠦ ᠶᠢ ᠴᠢᠩᠳᠠᠯᠠᠵᠤ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠮᠥᠷᠳᠡᠨ ᠬᠢᠨᠠᠨ ᠬᠡᠮᠵᠢᠬᠦ ᠪᠠ ᠪᠠᠶᠢᠴᠠᠭᠠᠨ ᠰᠢᠯᠭᠠᠬᠤ ᠡᠷᠴᠢᠮ ᠢᠶᠠᠨ | ᠴᠢᠩᠭᠠᠷᠠᠭᠤᠯᠤᠨ᠂ ᠪᠡᠯᠡ ᠮᠥᠩᠭᠦ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠂ ᠬᠠᠮᠵᠢᠯᠴᠠᠭᠠᠨ ᠤ ᠪᠡᠯᠡ ᠮᠥᠩᠭᠦ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠠᠵᠢᠯᠯᠠᠭᠠᠨ ᠢ ᠦᠨᠡᠨᠬᠦ ᠪᠠᠲᠤᠯᠠᠪᠠ᠃ | ᠣᠲᠣ ᠪᠣᠯᠲᠠᠯ᠎ᠠ᠂ ᠬᠠᠮᠵᠢᠯᠴᠠᠨ ᠬᠠᠪᠰᠤᠷᠤᠨ ᠲᠡᠳᠬᠦᠬᠦ 22 ᠲᠥᠷᠥᠯ ᠵᠦᠢᠯ ᠢ ᠨᠢᠭᠡᠨᠲᠡ ᠪᠦᠬᠦᠨ ᠢ ᠠᠵᠢᠯ ᠡᠬᠢᠯᠡᠭᠦᠯᠵᠦ᠂ ᠠᠵᠢᠯ ᠡᠬᠢᠯᠡᠭᠰᠡᠨ | ᠨᠣᠷᠮ᠎ᠠ ᠨᠢ 100% ᠳᠤ ᠬᠦᠷᠴᠦ᠂ 2 ᠲᠥᠷᠥᠯ ᠵᠦᠢᠯ ᠨᠢ ᠨᠢᠭᠡᠨᠲᠡ ᠠᠵᠢᠯ ᠳᠠᠭᠤᠰᠪᠠ᠃ |