ᠴᠢᠩ ᠱᠦᠢ ᠾᠧ ᠰᠢᠶᠠᠨ ᠤ ᠤᠳᠤᠷᠢᠳᠤᠯᠭ᠎ᠠ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠨ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2022/8/19
      8 ᠳ᠋ᠤᠭᠠᠷ ᠰᠠᠷ᠎ᠠ ᠶᠢᠨ 17 ᠤ ᠡᠳᠦᠷ ᠤᠨ 23 ᠴᠠᠭ ᠠᠴᠠ ᠡᠬᠢᠯᠡᠨ᠂ ᠴᠢᠩ ᠱᠦᠢ ᠾᠧ ᠰᠢᠶᠠᠨ ᠳᠤ ᠰᠢᠷᠦᠭᠦᠨ ᠪᠣᠷᠣᠭᠠᠨ᠂ ᠶᠡᠭᠡ ᠰᠢᠷᠦᠭᠦᠨ ᠪᠣᠷᠣᠭᠠᠨ ᠣᠷᠣᠵᠤ᠂ ᠪᠥᠬᠦ ᠰᠢᠶᠠᠨ ᠤ 18 ᠠᠦ᠋ᠲ᠋ᠣ᠋ ᠴᠠᠭ ᠠᠭᠤᠷ ᠤᠨ ᠠᠵᠢᠭᠯᠠᠯᠲᠠ ᠶᠢᠨ ᠥᠷᠲᠡᠭᠡᠨ ᠤ 11 ᠬᠡᠮᠵᠢᠯᠲᠡ ᠶᠢᠨ ᠥᠷᠲᠡᠭᠡᠨ ᠤ ᠲᠤᠨᠳᠠᠰᠤᠨ ᠤ ᠬᠡᠮᠵᠢᠶ᠎ᠡ ᠨᠢ 100 ᠮᠢᠯᠢᠮᠧᠲᠷ ᠠᠴᠠ ᠳᠡᠭᠡᠭᠰᠢ ᠬᠦᠷᠴᠦ᠂ ᠬᠠᠮᠤᠭ ᠤᠨ ᠶᠡᠭᠡ ᠲᠤᠨᠳᠠᠰᠤᠨ ᠤ ᠬᠡᠮᠵᠢᠶ᠎ᠡ ᠨᠢ ᠯᠣᠣ ᠨᠢᠦ ᠸᠠᠨ ᠪᠠᠯᠭᠠᠰᠤᠨ ᠳᠤ 161.5 ᠮᠢᠯᠢᠮᠧᠲᠷ ᠲᠤ ᠬᠦᠷᠴᠡᠢ᠃ᠲᠤᠰ ᠤᠳᠠᠭᠠᠨ ᠤ ᠪᠣᠷᠣᠭᠠᠨ ᠪᠣᠯ 1969 ᠣᠨ ᠠᠴᠠ ᠨᠠᠰᠢᠬᠢ ᠬᠠᠮᠤᠭ ᠤᠨ ᠶᠡᠭᠡ ᠪᠣᠷᠣᠭᠠᠨ ᠪᠣᠯᠣᠨ᠎ᠠ᠃ᠰᠢᠷᠦᠭᠦᠨ ᠪᠣᠷᠣᠭᠠᠨ ᠠᠴᠠ ᠪᠣᠯᠵᠤ ᠮᠠᠨ ᠤ ᠰᠢᠶᠠᠨ ᠤ ᠰᠠᠭᠤᠷᠢ ᠲᠥᠬᠦᠭᠡᠷᠦᠮᠵᠢ᠂ ᠲᠠᠷᠢᠮᠠᠯ ᠤᠨ ᠵᠦᠢᠯ ᠵᠢᠴᠢ ᠬᠡᠰᠡᠭ ᠤᠯᠠᠨ ᠲᠦᠮᠡᠨ ᠭᠠᠮᠰᠢᠭᠳᠠᠵᠤ᠂ ᠭᠠᠮᠰᠢᠭ ᠤᠨ ᠪᠠᠶᠢᠳᠠᠯ ᠭᠠᠷᠤᠭᠰᠠᠨ ᠤ ᠲᠠᠷᠠᠭ᠎ᠠ᠂ ᠪᠦᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠠᠵᠢᠯ ᠢ ᠦᠳᠲᠡᠷ ᠲᠦᠷᠭᠡᠨ ᠥᠷᠨᠢᠭᠦᠯᠪᠡ᠃ᠵᠠᠩ ᠺᠧ ᠯᠢᠩ᠂ ᠴᠧᠨ ᠬᠤᠷᠴᠠ᠂ ᠮᠠ ᠵᠢᠶᠠᠨ ᠴᠦᠨ᠂ ᠵᠤᠤ ᠵᠢᠶᠠᠨ ᠵᠢᠶᠦ᠋ᠨ᠂ ᠵᠤᠤ ᠶᠢᠩ᠂ ᠯᠢᠦ ᠵᠢᠶᠠᠨ ᠴᠢᠶᠠᠩ᠂ ᠵᠠᠩ ᠷᠦ ᠭᠠᠩ ᠵᠡᠷᠭᠡ ᠰᠢᠶᠠᠨ ᠤ ᠤᠳᠤᠷᠢᠳᠤᠯᠭ᠎ᠠ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠨ ᠥᠷᠨᠢᠭᠦᠯᠵᠡᠢ᠃
      ᠵᠠᠩ ᠺᠧ ᠯᠢᠩ ᠤᠷᠢᠳ ᠬᠤᠵᠢᠳ ᠭᠤᠣᠯ ᠤᠨ ᠬᠥᠪᠡᠭᠡᠨ ᠤ ᠬᠤᠸᠠ ᠶᠤᠸᠠᠨ ᠪᠠᠭ᠎ᠠ ᠲᠣᠭᠤᠷᠢᠭ᠂ ᠳ᠋ᠦᠩ ᠵᠢᠩ ᠶᠤᠸᠠᠨ ᠪᠠᠭ᠎ᠠ ᠲᠣᠭᠤᠷᠢᠭ᠂ ᠬᠤᠸᠠ ᠶᠤᠸᠠᠨ ᠭᠤᠳᠤᠮᠵᠢ᠂ ᠲᠠᠢ ᠫᠢᠩ ᠵᠤᠸᠠᠩ ᠭᠤᠳᠤᠮᠵᠢ᠂ ᠪᠠᠢ ᠾᠧ ᠬᠤᠷᠢᠶᠠᠯᠠᠯ ᠵᠡᠷᠭᠡ ᠭᠠᠵᠠᠷ ᠲᠤ ᠬᠦᠷᠴᠦ᠂ ᠭᠠᠮᠰᠢᠭᠳᠠᠭᠰᠠᠨ ᠪᠠᠶᠢᠳᠠᠯ ᠢ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠵᠦ᠂ ᠭᠠᠮᠰᠢᠭᠳᠠᠭᠰᠠᠨ ᠤᠯᠠᠨ ᠲᠦᠮᠡᠨ ᠪᠣᠯᠣᠨ ᠡᠮᠦᠨ᠎ᠡ ᠹᠷᠣᠨᠲ ᠤᠨ ᠠᠶᠤᠯ ᠭᠠᠮᠰᠢᠭ ᠠᠴᠠ ᠠᠪᠤᠷᠠᠬᠤ ᠬᠥᠮᠥᠰ ᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠵᠠᠮ ᠳᠠᠭᠠᠤ ᠭᠤᠣᠯ ᠤᠨ ᠵᠠᠮ᠂ ᠶᠦᠩ ᠠᠨ ᠵᠡᠭᠡᠯᠢ ᠶᠢᠨ ᠭᠤᠣᠯ ᠵᠡᠭᠡᠯᠢ ᠵᠢᠴᠢ ᠡᠯ᠎ᠡ ᠭᠤᠳᠤᠮᠵᠢ ᠶᠢᠨ ᠠᠷᠠᠳ ᠤᠨ ᠭᠡᠷ ᠪᠠᠶᠢᠰᠢᠩ ᠤᠨ ᠬᠤᠬᠢᠷᠠᠯ ᠳᠤ ᠤᠴᠠᠷᠠᠭᠰᠠᠨ ᠪᠠᠶᠢᠳᠠᠯ ᠢ ᠪᠠᠶᠢᠴᠠᠭᠠᠨ ᠦᠵᠡᠪᠡ᠃      ᠵᠠᠩ ᠺᠧ ᠯᠢᠩ ᠴᠢᠬᠤᠯᠠᠴᠢᠯᠠᠭᠰᠠᠨ ᠨᠢ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠮᠰᠢᠭ ᠤᠨ ᠪᠠᠶᠢᠳᠠᠯ ᠢ ᠠᠯᠢ ᠲᠦᠷᠭᠡᠨ ᠢᠶᠠᠷ ᠬᠢᠨᠠᠨ ᠪᠠᠶᠢᠴᠠᠭᠠᠵᠤ᠂ ᠭᠠᠮᠰᠢᠭᠳᠠᠭᠰᠠᠨ ᠤᠯᠠᠨ ᠲᠦᠮᠡᠨ ᠢ ᠰᠢᠯᠵᠢᠭᠦᠯᠦᠨ ᠲᠥᠪᠬᠢᠨᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠦᠨᠡᠨ ᠬᠦ ᠰᠠᠶᠢᠲᠤᠷ ᠬᠢᠵᠦ᠂ ᠴᠠᠭ ᠠᠭᠤᠷ ᠤᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠲᠣᠭᠤᠷᠢᠨ ᠪᠠᠶᠢᠴᠠᠭᠠᠵᠤ ᠬᠤᠷᠢᠭᠯᠠᠬᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ᠂ ᠠᠶᠤᠯ ᠠᠴᠠ ᠠᠪᠤᠷᠠᠨ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠪᠦᠷᠢᠳᠬᠡᠨ ᠳᠡᠭᠡᠭᠰᠢ ᠮᠡᠳᠡᠭᠦᠯᠬᠦ ᠵᠡᠷᠭᠡ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠬᠠᠮᠤᠭ ᠤᠨ ᠲᠦᠷᠭᠡᠨ ᠬᠤᠷᠳᠤᠴᠠ ᠪᠠᠷ ᠰᠡᠷᠭᠦᠭᠡᠬᠦ ᠬᠡᠷᠡᠭᠲᠡᠢ ᠭᠡᠵᠡᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ