ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠲᠣᠬᠤᠨᠢᠭᠤᠯᠬᠤ ᠳᠤᠭᠤᠶᠢᠯᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠬᠥᠮᠦᠰ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/8/19
8.19图片新闻 和林格尔县总工会慰问组走访慰问疫情防控卡点一线人员.jpg
      8 ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠲᠣᠬᠤᠨᠢᠭᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠬᠡᠪᠴᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠢ ᠲᠣᠬᠤᠨᠢᠭᠤᠯᠵᠤ᠂ ᠲᠡᠳᠡᠨ ᠤ ᠠᠭᠠᠭᠢᠮ᠎ᠠ ᠬᠠᠯᠠᠭᠤᠨ ᠠᠴᠠ ᠠᠶᠤᠬᠤ ᠦᠭᠡᠢ᠂ ᠬᠠᠷᠢᠭᠤᠴᠠᠯᠭ᠎ᠠ ᠪᠠ ᠡᠭᠦᠷᠭᠡᠯᠡᠯ ᠢᠶᠠᠷ ᠢᠶᠠᠨ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠰᠠᠬᠢᠨ ᠬᠠᠮᠠᠭᠠᠯᠠᠬᠤ ᠵᠣᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠵᠢᠵᠢᠭᠦᠷ ᠤᠨ ᠬᠥᠮᠦᠰ ᠲᠤ ᠬᠢᠵᠢᠭ ᠢ ᠰᠡᠷᠭᠡᠶᠢᠯᠡᠬᠦ ᠡᠳ᠋ ᠪᠣᠳᠠᠰ ᠬᠦᠷᠭᠡᠪᠡ᠃      ᠲᠣᠬᠤᠨᠢᠭᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠶᠠᠨ ᠤ ᠬᠡᠪᠴᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠰᠦᠨ ᠪᠠᠶᠢᠴᠠᠭᠠᠯᠲᠠ ᠶᠢᠨ ᠴᠡᠭ ᠲᠤ ᠭᠦᠨᠵᠡᠭᠡᠶᠢᠷᠡᠵᠦ᠂ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠠᠵᠢᠯᠲᠠᠳ ᠤᠨ ᠠᠮᠠᠷᠠᠵᠤ ᠬᠤᠭᠤᠯᠠᠯᠠᠬᠤ᠂ ᠬᠤᠪᠢ ᠬᠥᠮᠦᠨ ᠤ ᠬᠠᠮᠠᠭᠠᠯᠠᠯᠲᠠ᠂ ᠦᠢᠯᠡᠴᠢᠯᠡᠭᠡᠨ ᠤ ᠵᠠᠭᠪᠤᠷ᠂ ᠠᠵᠢᠯ ᠤᠨ ᠶᠠᠪᠤᠴᠠ ᠵᠡᠷᠭᠡ ᠪᠠᠶᠢᠳᠠᠯ ᠢ ᠯᠠᠪᠯᠠᠨ ᠠᠰᠠᠭᠤᠭᠰᠠᠨ ᠪᠥᠭᠡᠳ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠢ ᠲᠥᠯᠥᠭᠡᠯᠡᠨ ᠤᠯᠠᠨ ᠳᠤ ᠬᠠᠶᠢᠷ᠎ᠠ ᠬᠠᠯᠠᠮᠵᠢ ᠬᠦᠷᠭᠡᠵᠦ᠂ ᠤᠯᠠᠨ ᠤ ᠭᠠᠷᠭᠠᠭᠰᠠᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠯᠠᠨ ᠳᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠬᠤᠯᠠᠴᠢᠯᠠᠵᠤ᠂ ᠥᠪᠡᠷ ᠢ ᠪᠠᠨ ᠬᠠᠮᠠᠭᠠᠯᠠᠬᠤ ᠶᠢ ᠴᠢᠩᠭᠠᠳᠬᠠᠬᠤ ᠬᠡᠷᠡᠭᠲᠡᠢ ᠭᠡᠵᠦ ᠲᠠᠬᠢᠨ ᠳᠠᠪᠲᠠᠨ ᠰᠠᠨᠠᠭᠤᠯᠵᠠᠢ᠃      ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠣᠯᠠᠨ ᠢ ᠬᠠᠯᠠᠮᠵᠢᠯᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠣᠯᠠᠨ ᠢᠶᠠᠷ ᠢᠶᠠᠨ ᠦᠷᠭᠦᠯᠵᠢᠯᠡᠨ ᠪᠠᠶᠢᠯᠳᠤᠬᠤ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠬᠠᠮᠲᠤᠷᠠᠨ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠪᠥᠬᠦ ᠰᠢᠶᠠᠨ ᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠠᠮ ᠬᠠᠷᠢᠯᠴᠠᠭᠠᠨ ᠤ ᠬᠤᠷᠢᠭ᠎ᠠ ᠶᠢᠨ ᠠᠵᠢᠯᠲᠠᠳ ᠢᠯᠡᠷᠬᠡᠶᠢᠯᠡᠵᠡᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ