ᠬᠤᠷᠢᠨᠭᠡᠷ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠤᠮᠪᠠᠯᠲᠠ ᠶᠢᠨ ᠲᠠᠯᠠᠪᠠᠶ ᠣᠷᠳᠣᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/19
      ᠵᠤᠨ ᠤ ᠠᠮᠠᠷᠠᠯᠲᠠ ᠶᠢᠨ ᠬᠤᠭᠤᠴᠠᠭᠠᠨ ᠤ ᠤᠮᠪᠠᠯᠲᠠ ᠶᠢᠨ ᠲᠠᠯᠠᠪᠤᠷ ᠣᠷᠳᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ  ᠶᠢᠨ ᠲᠤᠰᠠᠳᠠ᠂ 8 ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠥᠬᠦ ᠰᠢᠶᠠᠨ ᠤ ᠬᠡᠪᠴᠢᠶᠡᠨ ᠳᠤ ᠤᠮᠪᠠᠯᠲᠠ ᠶᠢᠨ ᠲᠠᠯᠠᠪᠠᠶ ᠣᠷᠳᠣᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠠᠯᠠᠪᠠᠶ ᠣᠷᠳᠣᠨ ᠤ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠡᠯ᠎ᠡ ᠵᠦᠢᠯ ᠤᠨ ᠲᠦᠷᠢᠮ ᠲᠣᠭᠲᠠᠭᠠᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠢᠵᠢᠭ ᠢ ᠰᠡᠷᠭᠡᠶᠢᠯᠡᠬᠦ ᠪᠠᠶᠢᠩᠭᠤ ᠶᠢᠨ ᠠᠵᠢᠯ ᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ᠂ ᠲᠣᠭᠲᠠᠭᠠᠯ ᠶᠣᠰᠣᠭᠠᠷ ᠵᠣᠬᠢᠬᠤ ᠲᠣᠭᠠᠨ ᠤ ᠠᠪᠤᠷᠠᠭᠴᠢ ᠲᠣᠬᠢᠷᠠᠭᠤᠯᠤᠭᠰᠠᠨ ᠡᠰᠡᠬᠦ᠂ ᠠᠪᠤᠷᠠᠭᠴᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ ᠵᠡᠷᠭᠡ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠪᠠ᠃      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠲᠠᠯᠠᠪᠤᠷ ᠢ ᠠᠶᠤᠯᠭᠦᠶ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠵᠢᠯᠲᠠᠨ ᠢ ᠪᠣᠯᠪᠠᠰᠤᠷᠠᠭᠤᠯᠬᠤ᠂ ᠥᠪᠡᠰᠦᠪᠡᠨ ᠪᠠᠶᠢᠴᠠᠭᠠᠵᠤ ᠥᠪᠡᠰᠦᠪᠡᠨ ᠪᠠᠶᠢᠴᠠᠭᠠᠬᠤ ᠪᠠ ᠠᠷᠢᠭᠤᠳᠬᠠᠨ ᠠᠷᠢᠯᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠲᠠᠯᠠᠪᠤᠷ ᠢ ᠵᠠᠷᠯᠢᠭᠳᠠᠵᠤ ᠪᠠᠶᠢᠭᠠᠳ ᠳᠠᠷᠦ᠋ᠢᠬᠠᠨ ᠴᠡᠭᠴᠡᠯᠡᠨ ᠥᠭᠡᠷᠡᠴᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠡᠯ᠎ᠡ ᠤᠮᠪᠠᠯᠲᠠ ᠶᠢᠨ ᠲᠠᠯᠠᠪᠤᠷ ᠣᠷᠳᠣᠨ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ ᠠᠰᠠᠭᠤᠳᠠᠯ ᠣᠷᠣᠰᠢᠵᠤ ᠪᠠᠶᠢᠭ᠎ᠠ ᠤᠮᠪᠠᠯᠲᠠ ᠶᠢᠨ ᠲᠠᠯᠠᠪᠤᠷ ᠣᠷᠳᠣᠨ ᠢ ᠴᠠᠭ ᠲᠤᠬᠠᠶ ᠳᠤᠨᠢ ᠳᠠᠬᠢᠨ ᠪᠠᠶᠢᠴᠠᠭᠠᠵᠤ᠂ ᠮᠠᠨ ᠤ ᠰᠢᠶᠠᠨ ᠤ ᠤᠮᠪᠠᠯᠲᠠ ᠶᠢᠨ ᠲᠠᠯᠠᠪᠤᠷ ᠣᠷᠳᠣᠨ ᠤ ᠠᠶᠤᠯᠭᠦᠶ ᠡᠵᠡᠩᠨᠡᠯᠲᠡ ᠪᠠ ᠦᠢᠯᠡᠳᠪᠦᠷᠢᠯᠡᠯ ᠢ ᠦᠨᠡᠨ ᠬᠦ ᠪᠠᠲᠤᠯᠠᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ