ᠬᠤᠷᠢᠨᠭᠡᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/19
8.19和林格尔县人大常委会召开文化旅游事业发展座谈会.jpg
      8 ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᡁᠢ ᠪᠢᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ᠂ ᠬᠤᠲᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ᠂ ᠮᠧᠩ ᠨᠢᠦ ᠪᠦᠯᠦᠭᠯᠡᠯ᠂ ᠤᠣ ᠸᠧᠶ ᠠᠳᠤᠭᠤᠨ ᠰᠣᠶᠣᠯ ᠠᠮᠢ ᠠᠬᠤᠶ ᠶᠢᠨ ᠵᠢᠭᠤᠯᠴᠢᠯᠠᠯ ᠤᠨ ᠬᠦᠷᠢᠶᠡᠯᠡᠩ᠂ ᠮᠧᠩ ᠼᠤᠤ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠱᠧᠩ ᠯᠧ ᠮᠦᠽᠧᠶ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠲᠥᠯᠥᠭᠡᠯᠡᠭᠴᠢ᠂ ᠴᠠᠭᠠᠰᠤᠨ ᠬᠠᠶᠢᠴᠢᠯᠠᠮᠠᠯ ᠤᠨ ᠰᠣᠶᠣᠯ ᠤᠨ ᠤᠯᠠᠮᠵᠢᠯᠠᠭᠴᠢ᠂ ᠭᠤᠯᠢᠷ ᠤᠨ ᠱᠤᠭᠤᠮᠠᠯ ᠤᠨ ᠰᠣᠶᠣᠯ ᠤᠨ ᠤᠯᠠᠮᠵᠢᠯᠠᠭᠴᠢ ᠤᠷᠢᠳ ᠬᠤᠵᠢᠳ ᠶᠠᠷᠢᠶ᠎ᠠ ᠲᠠᠯᠪᠢᠵᠤ᠂ ᠮᠠᠨ ᠤ ᠰᠢᠶᠠᠨ ᠤ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠬᠤ᠂ ᠰᠣᠶᠣᠯ ᠤᠨ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠣᠶᠢᠯᠠᠭᠠᠭᠳᠠᠬᠤᠨ ᠢ ᠰᠢᠨᠡᠳᠬᠡᠬᠦ᠂ ᠰᠣᠶᠣᠯ ᠤᠨ ᠵᠢᠭᠤᠯᠴᠢᠯᠠᠯ ᠤᠨ ᠢᠵᠢ ᠪᠦᠷᠢᠳᠦᠭᠦᠯᠬᠦ ᠪᠦᠲᠦᠭᠡᠭᠳᠡᠬᠦᠨ ᠢ ᠪᠠᠶᠠᠯᠢᠭᠵᠢᠭᠤᠯᠬᠤ᠂ ᠴᠢᠳᠠᠪᠤᠷᠢᠲᠠᠨ ᠢ ᠬᠥᠮᠦᠵᠢᠭᠦᠯᠵᠦ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠬᠤ᠂ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠰᠣᠶᠣᠯ ᠤᠨ ᠬᠤᠯᠪᠣᠭ᠎ᠠ ᠶᠢ ᠪᠠᠶᠢᠭᠤᠯᠬᠤ᠂ ᠰᠣᠶᠣᠯ ᠤᠨ ᠵᠢᠭᠤᠯᠴᠢᠯᠠᠯ ᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ ᠮᠠᠨ ᠤ ᠰᠢᠶᠠᠨ ᠤ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠤᠨ ᠲᠤᠬᠠᠶ ᠰᠠᠨᠠᠯ ᠭᠦᠢᠴᠡᠳ ᠰᠣᠯᠢᠯᠴᠠᠪᠠ       ᠬᠤᠷᠠᠯ ᠠᠴᠠ᠂ ᠬᠤᠷᠠᠯ ᠳᠤ ᠣᠷᠣᠯᠴᠠᠭᠰᠠᠳ ᠮᠠᠨ ᠤ ᠰᠢᠶᠠᠨ ᠤ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠴᠠᠢ ᠭᠡᠵᠦ ᠵᠢᠭᠠᠵᠤ ᠭᠠᠷᠭᠠᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨᠭᠡᠷ ᠰᠢᠶᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠨᠠᠷᠢᠨ ᠬᠢᠨᠠᠮᠠᠭᠠᠶ ᠡᠮᠬᠢᠯᠡᠨ ᠬᠤᠷᠢᠶᠠᠩᠭᠤᠶᠢᠯᠠᠵᠤ᠂ ᠵᠠᠳᠠᠯᠤᠨ ᠰᠤᠳᠤᠯᠵᠤ᠂ ᠥᠨᠳᠥᠷ ᠪᠠᠷᠢᠮᠵᠢᠶ᠎ᠠ ᠪᠠᠷ ᠣᠷᠣᠨ ᠪᠠᠶᠢᠷᠢ ᠲᠣᠭᠲᠠᠭᠠᠵᠤ᠂ ᠴᠢᠨᠠᠷ ᠰᠠᠶᠢᠲᠠᠶ ᠳᠥᠯᠭᠢᠨ ᠠᠬᠢᠭᠤᠯᠬᠤ ᠶᠢ ᠪᠠᠷᠢᠮᠲᠠᠯᠠᠨ᠂ ᠬᠤᠷᠢᠨᠭᠡᠷ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ