ᠬᠤᠷᠢᠨᠭᠡᠷ ᠰᠢᠶᠠᠨ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/19
8.19和林格尔县召开全民科学素质领导小组会暨创建全国科普示范县工作推进会.jpg
      8 ᠰᠠᠷ᠎ᠠ ᠶᠢᠨ 17 ᠤ ᠡᠳᠦᠷ᠂ ᠬᠤᠷᠢᠨᠭᠡᠷ ᠰᠢᠶᠠᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠪᠦᠦ ᠫᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠸᠧᠶ ᠬᠤᠸᠠ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ᠂ ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠣᠳᠣᠬᠠᠨ ᠤ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠳ᠋ᠦᠩᠨᠡᠵᠦ᠂ ᠳᠠᠷᠠᠭᠠᠴᠢ ᠶᠢᠨ ᠠᠯᠬᠤᠮ ᠤᠨ ᠡᠭᠦᠳᠦᠨ ᠪᠠᠶᠢᠭᠤᠯᠬᠤ ᠠᠵᠢᠯ ᠤᠨ ᠡᠭᠦᠷᠭᠡ ᠪᠣᠯᠤᠨ ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠡ᠂ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠰᠤᠷᠭᠠᠭᠤᠯᠢ ᠨᠤᠭᠤᠳ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠭᠦᠳᠦᠨ ᠪᠠᠶᠢᠭᠤᠯᠬᠤ ᠠᠵᠢᠯ ᠢ ᠲᠦᠷᠭᠡᠪᠴᠢᠯᠡᠨ ᠠᠬᠢᠭᠤᠯᠬᠤ ᠬᠡᠷᠡᠭᠲᠡᠶ ᠭᠡᠪᠡ᠃      ᠬᠤᠷᠠᠯ ᠠᠴᠠ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠣᠯ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠶᠠᠨ ᠢᠶᠠᠨ ᠬᠦᠴᠦᠷᠬᠡᠭᠵᠢᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠵᠠᠮ ᠪᠣᠯᠤᠨ᠎ᠠ᠃ ᠡᠯ᠎ᠡ ᠨᠢᠭᠡᠴᠡ᠂ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠰᠤᠷᠭᠠᠭᠤᠯᠢ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠠᠢ ᠨᠢᠭᠡᠳᠦᠯᠲᠡᠢ ᠪᠠᠶᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠰᠢᠯᠭᠠᠨ ᠠᠪᠬᠤ ᠶᠢ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ