ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠦᠬᠦ ᠪᠥᠮᠪᠥᠷᠴᠡᠭ ᠤᠨ ᠣᠶᠤᠨᠲᠤ ᠦᠢᠯᠡᠳᠬᠡᠯ ᠤᠨ ᠬᠡᠪ ᠳᠠᠭᠤᠷᠢᠶᠠᠯ ᠤᠨ ᠰᠠᠭᠤᠷᠢᠨ ᠭᠠᠵᠠᠷ ᠤᠨ ᠢᠵᠢ  ᠪᠦᠷᠢᠳᠦᠭᠦᠯᠬᠦ ᠰᠦ ᠶᠢᠨ ᠢᠷᠡᠯᠲᠡ ᠶᠢᠨ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/8/19
             ᠾᠧ ᠬᠠᠢ ᠳ᠋ᠦᠩ ᠣᠷᠣᠯᠴᠠᠵᠠᠢ      ︵ᠰᠤᠷᠪᠤᠯᠵᠢᠯᠠᠭᠴᠢ  ᠠᠷᠢᠭᠤᠨ᠎ᠠ︶ 8 ᠳ᠋ᠤᠭᠠᠷ ᠰᠠᠷ᠎ᠠ ᠶᠢᠨ 18 ᠤ ᠡᠳᠦᠷ᠂ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠦᠬᠦ ᠪᠥᠮᠪᠥᠷᠴᠡᠭ ᠤᠨ ᠣᠶᠤᠨᠲᠤ ᠦᠢᠯᠡᠳᠬᠡᠯ ᠤᠨ ᠬᠡᠪ ᠳᠠᠭᠤᠷᠢᠶᠠᠯ ᠤᠨ ᠰᠠᠭᠤᠷᠢᠨ ᠭᠠᠵᠠᠷ ᠤᠨ ᠢᠵᠢ ᠪᠦᠷᠢᠳᠦᠭᠦᠯᠬᠦ ᠰᠦ ᠶᠢᠨ ᠢᠷᠡᠯᠲᠡ ᠶᠢᠨ ᠲᠦᠷᠦᠯ ᠵᠦᠢᠯ ᠤᠨ ᠭᠠᠷ ᠤᠨ ᠥᠰᠥᠭ ᠵᠢᠷᠤᠬᠤ ᠶᠣᠰᠣᠯᠠᠯ ᠶᠠᠪᠤᠭᠳᠠᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃      ᠢᠯᠢ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠳᠡᠭᠡᠳᠦ ᠵᠡᠷᠭᠡ ᠶᠢᠨ ᠭᠦᠢᠴᠡᠳᠭᠡᠭᠴᠢ ᠶᠡᠷᠦᠩᠬᠡᠢ  ᠵᠠᠬᠢᠷᠤᠯ ᠵᠠᠩ ᠵᠢᠶᠠᠨ ᠴᠢᠦ᠂ ᠲᠢᠶᠠᠨᠵᠢᠨ ᠤ ᠢᠳᠡᠭᠡᠨ ᠤ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠵᠤᠤ ᠭᠦᠸᠧ ᠷᠦᠩ᠂ ᠶᠢᠨ ᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ ᠰᠢᠤᠸᠠᠢ ᠸᠧᠨ᠂ ᠲᠢᠶᠠᠨᠵᠢᠨ ᠤ ᠵᠢᠶᠠ ᠯᠢ ᠾᠧ ᠮᠠᠯ ᠠᠵᠤ ᠠᠬᠤᠢ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠰᠢᠦᠢ ᠪᠦᠦ ᠯᠢᠶᠠᠩ ᠨᠠᠷ ᠶᠣᠰᠣᠯᠠᠯ ᠳᠤ ᠣᠷᠣᠯᠴᠠᠪᠠ᠃      ᠾᠧ ᠬᠠᠢ ᠳ᠋ᠦᠩ ᠡᠩ ᠲᠡᠷᠢᠭᠦᠨ ᠳᠤ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠬᠥᠬᠡᠬᠤᠲᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠲᠠᠰ ᠳᠡᠪᠰᠢᠭᠰᠡᠨ ᠬᠡᠪ ᠢ ᠲᠦᠷᠭᠡᠪᠴᠢᠯᠡᠨ ᠪᠣᠶ ᠪᠣᠯᠭᠠᠵᠤ᠂ ᠰᠦ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠤᠨ᠂ ᠨᠢᠭᠡᠨᠲᠡ ᠳᠡᠯᠡᠬᠡᠢ ᠶᠢᠨ ᠲᠦᠷᠦᠭᠦᠸ ᠠᠷᠪᠠᠨ ᠬᠦᠴᠦᠷᠬᠡᠭ ᠤᠨ ᠢᠯᠢ᠂ ᠮᠧᠩ ᠨᠢᠦ ᠬᠤᠶᠠᠷ ᠲᠣᠮᠣ ᠰᠦ ᠶᠢᠨ ᠠᠵᠤ ᠠᠬᠤᠶᠢᠯᠠᠯ ᠲᠠᠢ ᠪᠣᠯᠵᠤ᠂ ᠦᠢᠯᠡᠳᠬᠦᠨ ᠤ ᠥᠷᠲᠡᠭ 2000 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ ᠃ ᠡᠯ᠎ᠡ ᠲᠣᠮᠣ ᠠᠵᠤ ᠠᠬᠤᠶᠢᠯᠠᠯ ᠤᠨ ᠬᠥᠬᠡᠬᠤᠲᠠ ᠯᠤᠭ᠎ᠠ ᠬᠥᠭᠵᠢᠯᠲᠡ ᠶᠢᠨ ᠠᠵᠠ ᠲᠣᠬᠢᠶᠠᠯ ᠢ ᠬᠠᠮᠲᠤᠪᠠᠷ ᠡᠳ᠋ᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠂ ᠮᠦᠨᠴᠦ ᠲᠤᠰ ᠤᠳᠠᠭ᠎ᠠ ᠶᠢᠨ ᠭᠠᠷ ᠤᠨ ᠦᠰᠦᠭ ᠵᠢᠷᠤᠬᠤ ᠪᠠᠷ ᠰᠢᠨ᠎ᠡ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠣᠷᠣᠨ ᠤ ᠲᠥᠪ ᠤᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠬᠦᠰᠡᠵᠦ ᠪᠠᠶᠢᠨ᠎ᠠ ᠭᠡᠵᠡᠢ᠃      ᠶᠣᠰᠣᠯᠠᠯ ᠳᠡᠭᠡᠷ᠎ᠡ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠲᠢᠶᠠᠨᠵᠢᠨ ᠤ ᠵᠢᠶᠠ ᠯᠢ ᠾᠧ ᠮᠠᠯ ᠠᠵᠤ ᠠᠬᠤᠢ ᠶᠢᠨ ᠪᠦᠯᠦᠭᠯᠡᠯ᠂ ᠶᠢᠨ ᠶᠠᠩ ᠪᠦᠯᠦᠭᠯᠡᠯ ᠲᠠᠢ ᠲᠣᠭᠲᠠᠬᠤ ᠰᠢᠶᠠᠨ ᠤ 18 ᠲᠦᠮᠡᠨ ᠰᠠᠭᠠᠯᠢ ᠶᠢᠨ ᠦᠨᠢᠶ᠎ᠡ ᠶᠢᠨ ᠪᠣᠬᠢᠷᠳᠤᠯ ᠦᠭᠡᠢ ᠣᠶᠤᠨᠴᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠵᠤ ᠬᠠᠮᠲᠤᠷᠠᠯᠴᠠᠬᠤ ᠵᠥᠪᠯᠡᠯᠴᠡᠭᠡᠷ ᠲᠣᠭᠲᠠᠵᠠᠢ᠃ ᠲᠣᠰ ᠤᠳᠠᠭ᠎ᠠ ᠭᠠᠷ ᠤᠨ ᠥᠰᠥᠭ ᠵᠢᠷᠤᠭᠰᠠᠨ 4 ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠲᠥᠷᠥᠯ ᠵᠦᠢᠯ ᠨᠢ ᠲᠣᠭᠲᠠᠬᠤ ᠰᠢᠶᠠᠨ ᠤ 18 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠪᠠᠶᠢᠵᠤ᠂ ᠨᠡᠶᠢᠲᠡ 5800 ᠮᠦ ᠭᠠᠵᠠᠷ ᠢ ᠡᠵᠡᠯᠡᠨ᠂ 4.8 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠠᠷ ᠲᠦᠯᠦᠪᠯᠡᠨ ᠵᠣᠬᠢᠶᠠᠵᠤ᠂ ᠨᠡᠶᠢᠲᠡ 22 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠢ᠃      ᠣᠶᠢᠯᠠᠭᠠᠭᠰᠠᠨ ᠢᠶᠠᠷ᠂ ᠢᠯᠢ ᠪᠦᠯᠦᠭᠯᠡᠯ ᠤᠨ 18 ᠲᠦᠮᠡᠨ ᠰᠠᠭᠠᠯᠢ ᠶᠢᠨ ᠦᠨᠢᠶ᠎ᠡ ᠶᠢᠨ ᠪᠣᠬᠢᠷᠳᠤᠯ ᠦᠭᠡᠢ ᠣᠶᠤᠨᠴᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ ᠵᠦᠢᠯ ᠤᠨ ᠲᠥᠯᠦᠪᠵᠢᠭᠦᠯᠭᠡ ᠶᠢᠨ ᠬᠡᠪᠴᠢᠶ᠎ᠡ ᠨᠢ 8 ᠲᠦᠮᠡ ᠭᠠᠷᠤᠢ ᠮᠦ ᠬᠦᠷᠴᠦ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠱᠢᠯᠲᠡ ᠪᠠᠷ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 80 ᠳ᠋ᠦᠩᠰᠢᠭᠤᠷ ᠲᠥᠭᠦᠷᠢᠭ ᠲᠤ ᠬᠦᠷᠴᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠰᠠᠭᠠᠯᠢ ᠶᠢᠨ ᠦᠨᠢᠶ᠎ᠡ ᠶᠢᠨ ᠲᠤᠭ᠎ᠠ ᠲᠣᠯᠣᠭᠠᠢ 18 ᠲᠦᠮᠡᠨ ᠲᠣᠯᠣᠭᠠᠢ ᠳᠤ ᠬᠦᠷᠴᠦ᠂ ᠵᠢᠯ ᠤᠨ ᠰᠦᠨ ᠤ ᠭᠠᠷᠤᠯᠲᠠ ᠶᠢᠨ ᠬᠡᠮᠵᠢᠶ᠎ᠡ ᠶᠢ 100 ᠲᠦᠮᠡᠨ ᠲᠣᠨ ᠠᠴᠠ ᠳᠡᠭᠡᠭᠰᠢ ᠪᠡᠶᠡᠯᠡᠭᠦᠯᠵᠦ᠂ ᠡᠷᠬᠢᠨ ᠲᠣᠭᠤᠷᠢᠨ ᠤ 50 ᠭᠠᠷᠤᠢ ᠲᠦᠮᠡᠨ ᠮᠦ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠨ᠂ ᠵᠢᠯ ᠪᠦᠷᠢ ᠠᠵᠤ ᠠᠬᠤᠢ ᠶᠢᠨ ᠰᠢᠭᠤᠳ ᠦᠷ᠎ᠡ ᠠᠰᠢᠭ 30 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠠᠵᠤ ᠠᠬᠤᠢ ᠶᠢᠨ ᠳᠠᠮ ᠦᠷ᠎ᠡ ᠠᠰᠢᠭ 70 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠦᠨ᠎ᠡ︔ ᠰᠢᠭᠤᠳ 5000 ᠬᠥᠮᠥᠨ ᠤ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠳᠠᠮ ᠢᠶᠠᠷ 4 ᠲᠦᠮᠡᠨ ᠬᠥᠮᠥᠨ ᠤ ᠠᠵᠢᠯ ᠣᠯᠭᠤᠯᠲᠠ ᠶᠢ  ᠳᠠᠶᠢᠴᠢᠯᠠᠨ᠎ᠠ᠃      ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ᠂ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠵᠢᠴᠢ ᠮᠠᠨ ᠤ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃      ᠭᠠᠷ ᠤᠨ ᠥᠰᠥᠭ ᠵᠢᠷᠤᠬᠤ ᠶᠣᠰᠣᠯᠠᠯ  ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠥᠬᠡᠬᠤᠲᠠ ᠶᠢᠨ ᠪᠣᠳᠠᠲᠤ ᠪᠠᠶᠢᠳᠠᠯ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠠᠬᠤᠶᠢᠯᠠᠯ ᠤᠨ ᠬᠥᠭᠵᠢᠯᠲᠡ ᠶᠢᠨ ᠴᠢᠭᠯᠡᠯ᠂ ᠵᠠᠬ᠎ᠠ ᠳᠡᠯᠭᠡᠭᠦᠷ ᠤᠨ ᠬᠡᠷᠡᠭᠴᠡᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠲᠠᠢ ᠤᠶᠠᠯᠳᠤᠭᠤᠯᠤᠨ᠂ ᠣᠷᠣᠨ ᠤ ᠲᠥᠪ ᠤᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠣᠭᠤᠷᠢᠨ ᠳᠤ ᠶᠠᠷᠢᠯᠴᠠᠨ ᠦᠵᠡᠯ ᠪᠣᠳᠣᠯ ᠢᠶᠠᠨ ᠰᠣᠯᠢᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ