8 ᠳ᠋ᠤᠭᠠᠷ ᠰᠠᠷ᠎ᠠ ᠶᠢᠨ 18 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/19
      8 ᠳ᠋ᠤᠭᠠᠷ ᠰᠠᠷ᠎ᠠ ᠶᠢᠨ 18 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ  ᠤᠨ ᠲᠣᠳᠤᠯᠠᠭᠰᠠᠨ ᠡᠪᠡᠳᠴᠢᠨ ᠤ ᠵᠢᠱᠢᠶ᠎ᠡ 4 ᠨᠡᠮᠡᠭᠳᠡᠪᠡ᠂ ᠡᠭᠦᠨ ᠳᠤ ᠬᠥᠬᠡᠬᠤᠲᠠ ᠳᠤ 2  ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠡᠭᠦᠨ ᠳᠤ 1 ᠵᠢᠱᠢᠶ᠎ᠡ ᠨᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠤ ᠤᠯᠠᠷᠢᠪᠠ᠂ ᠭᠠᠳᠠᠷ ᠮᠤᠵᠢ ᠠᠴᠠ ᠮᠡᠳᠡᠭᠳᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ ᠪᠣᠯᠣᠨ᠎ᠠ᠂ 1ᠵᠢᠱᠢᠶ᠎ᠡ ᠨᠢ 8 ᠳ᠋ᠤᠭᠠᠷ ᠰᠠᠷ᠎ᠠ ᠶᠢᠨ 13 ᠤ ᠡᠳᠦᠷ ᠤᠨ ᠨᠢᠭᠡ ᠡᠭᠡᠯᠵᠢ ᠶᠢᠨ ᠨᠢᠰᠬᠡᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ ᠪᠣᠯᠣᠨ᠎ᠠ︶᠂ ᠬᠥᠯᠥᠨ ᠪᠤᠶᠢᠷ ᠬᠤᠲᠠ ᠳᠤ 2 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠮᠠᠨᠵᠤᠤᠷ ᠬᠤᠲᠠ ᠳᠤ ᠪᠣᠶ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠳᠤ ᠪᠠᠶᠢᠴᠠᠭᠠᠵᠤ ᠭᠠᠷᠭᠠᠪᠠ᠂ ᠮᠠᠨᠵᠤᠤᠷ ᠬᠤᠲᠠ ᠳᠤ ᠪᠣᠶ︶  ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠪᠣᠢ᠃  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 8 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠴᠥᠮ ᠤᠯᠠᠭᠠᠨᠴᠠᠪ ᠬᠤᠲᠠ ᠳᠤ ︵ᠵᠢᠨᠢᠩ ᠲᠣᠭᠤᠷᠢᠭ ᠲᠤ 2᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 6︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 6 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 1 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ  ᠬᠤᠪᠢᠶᠠᠷᠢᠯᠠᠨ ᠪᠠᠭᠤᠯᠭᠠᠭᠰᠠᠨ︶ ᠭᠠᠷᠭᠠᠪᠠ᠃      8 ᠳ᠋ᠤᠭᠠᠷ ᠰᠠᠷ᠎ᠠ ᠶᠢᠨ 18 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 62 ᠪᠣᠢ᠂ ᠡᠭᠦᠨ ᠳᠤ ᠬᠥᠬᠡᠬᠤᠲᠠ ᠳᠤ 11 ︵ᠦᠴᠦᠸᠠᠨ ᠰᠢᠶᠠᠨ ᠳᠤ 1᠂ ᠭᠠᠳᠠᠷ ᠮᠤᠵᠢ ᠠᠴᠠ ᠮᠡᠳᠡᠭᠳᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠤ ᠣᠶᠢᠷ᠎ᠠ ᠬᠠᠪᠢᠳᠠᠯ 1᠂ ᠪᠤᠰᠤᠳ 9 ᠨᠢ ᠨᠢᠭᠡ ᠡᠭᠡᠯᠵᠢ ᠶᠢᠨ ᠨᠢᠰᠬᠡᠯ ᠤᠨ  ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠣᠨ᠎ᠠ︶᠂ ᠬᠥᠯᠥᠨ ᠪᠤᠶᠢᠷ ᠬᠤᠲᠠ ᠳᠤ 5 ︵ᠴᠥᠮ ᠮᠠᠨᠵᠤᠤᠷ ᠬᠤᠲᠠ ᠳᠤ ᠪᠣᠶ︶᠂ ᠰᠢᠯᠢ ᠶᠢᠨ ᠭᠤᠣᠯ ᠠᠶᠢᠮᠠᠭ ᠲᠤ 9 ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 36 ︵ᠵᠢᠨᠢᠩ ᠲᠣᠭᠤᠷᠢᠭ ᠲᠤ 3᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 32᠂ ᠱᠠᠩᠳᠤ ᠰᠢᠶᠠᠨ ᠳᠤ 1 ︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ ᠪᠣᠶ︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 32 ᠪᠣᠶ᠂ ᠡᠭᠦᠨ ᠳᠤ ᠬᠥᠬᠡᠬᠤᠲᠠ ᠳᠤ 1 ︵ᠦᠴᠦᠸᠠᠨ ᠰᠢᠶᠠᠨ ᠤ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶ ᠂ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 3 ︵ᠡᠷᠢᠶᠡᠨ ᠬᠤᠲᠠ ᠳᠤ 2᠂ ᠰᠥᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 27 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 26︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 7᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 9 ᠪᠠᠶᠢᠵᠤ ᠂ ᠬᠥᠬᠡᠬᠤᠲᠠ ᠳᠤ ᠪᠣᠢ᠃ ᠳᠡᠭᠡᠷᠡᠬᠢ ᠬᠥᠮᠥᠰ ᠢ ᠴᠥᠮ ᠲᠣᠭᠲᠠᠭᠰᠠᠨ ᠡᠮᠨᠡᠯᠭᠡ  ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ