︽8 · 1︾ ᠤ ᠲᠣᠬᠤᠨᠢᠭᠤᠯᠤᠯ ᠬᠥᠮᠦᠰ ᠤᠨ ᠰᠡᠳᠬᠢᠯ ᠢ ᠳᠤᠯᠠᠭᠠᠴᠠᠭᠤᠯᠵᠤ ᠴᠡᠷᠢᠭ ᠠᠷᠠᠳ ᠵᠢᠭᠠᠰᠤ ᠤᠰᠤᠨ ᠤ ᠬᠠᠶᠢᠷ᠎ᠠ ᠰᠡᠳᠬᠢᠯᠭᠡ ᠶᠢ ᠬᠠᠮᠲᠤᠪᠠᠷ ᠶᠠᠷᠢᠯᠴᠠᠨ᠎ᠠ
ᠨᠡᠶᠢᠲᠡᠯᠡᠭᠰᠡᠨ ᠴᠠᠭ᠄
2022/8/2
      ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠳᠤᠷᠠᠰᠬᠠᠬᠤ ᠶᠢᠨ ᠲᠤᠰᠠᠳᠠ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠨᠢ ᠨᠢᠭᠡ ᠭᠡᠷ ᠤᠨ ᠬᠥᠮᠦᠨ ᠮᠡᠲᠦ ᠨᠢᠭᠲᠠᠷᠠᠨ ᠪᠦᠯᠬᠦᠮᠳᠡᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠬᠤ ᠪᠠᠶᠠᠷ ᠤᠨ ᠲᠠᠰᠢᠷᠠᠮ ᠢᠶᠠᠷ᠂ ᠰᠢᠶᠠᠨ ᠤ ᠶᠦᠨ ᠭᠦ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠶᠢᠨ ᠠᠵᠢᠯᠲᠠᠳ ᠬᠠᠷᠢᠶᠠᠲᠤ ᠣᠷᠣᠨ ᠤ ᠪᠠᠨ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠳᠣᠲᠣᠨᠣ ᠮᠡᠨᠳᠦᠴᠢᠯᠡᠯ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃      ᠲᠣᠬᠤᠨᠢᠭᠤᠯᠬᠤ ᠠᠵᠢᠯᠯᠠᠭ᠎ᠠ ᠳᠤᠮᠳᠠ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠶᠢᠨ ᠠᠵᠢᠯᠲᠠᠳ ᠬᠠᠷᠢᠶᠠᠲᠤ ᠣᠷᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ᠂ ᠠᠮᠢᠳᠤᠷᠠᠯ ᠵᠡᠷᠭᠡ ᠪᠠᠶᠢᠳᠠᠯ ᠢ ᠨᠠᠷᠢᠨ ᠨᠢᠭᠲᠠ ᠠᠰᠠᠭᠤᠨ ᠯᠠᠪᠯᠠᠵᠤ᠂ ᠲᠡᠳᠡᠨ ᠤ ᠰᠡᠳᠬᠢᠯ ᠤᠨ ᠦᠭᠡ ᠶᠢ ᠰᠣᠨᠣᠰᠴᠤ᠂ ᠲᠡᠳᠡᠨ ᠢ ᠪᠠᠶᠠᠰᠤᠩᠭᠤᠢ ᠠᠮᠢᠳᠤᠷᠠᠵᠤ᠂ ᠪᠡᠶ᠎ᠡ ᠪᠠᠨ ᠭᠠᠮᠨᠠᠵᠤ᠂ ᠬᠦᠴᠢᠷᠳᠡᠯ ᠲᠠᠢ ᠪᠣᠯ ᠵᠣᠬᠢᠶᠠᠨ ᠪᠠᠶᠢᠭᠤᠯᠤᠯᠲᠠ ᠳᠤ ᠴᠠᠭ ᠲᠤᠬᠠᠢ ᠳᠤᠨᠢ ᠲᠤᠰᠬᠠᠬᠤ ᠶᠢ ᠵᠣᠷᠢᠭᠵᠢᠭᠤᠯᠬᠤ ᠶᠢᠨ ᠬᠠᠮᠲᠤ ᠲᠡᠳᠡᠨ ᠳᠤ ᠠᠮᠤ ᠪᠤᠳᠠᠭ᠎ᠠ᠂ ᠭᠤᠯᠢᠷ᠂ ᠠᠮᠤ ᠪᠤᠳᠠᠭ᠎ᠠ ᠵᠡᠷᠭᠡ ᠠᠮᠢᠳᠤᠷᠠᠯ ᠤᠨ ᠴᠢᠬᠤᠯᠠ ᠪᠦᠬᠦᠢ ᠪᠣᠳᠠᠰ ᠢ ᠬᠦᠷᠭᠡᠪᠡ᠃      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠰᠢᠶᠠᠨ ᠳᠤ ᠴᠡᠷᠢᠭ ᠠᠴᠠ ᠬᠠᠯᠠᠭᠳᠠᠭᠰᠠᠳ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠮ ᠪᠠ ᠵᠠᠰᠠᠭ ᠤᠨ ᠣᠷᠳᠣᠨ ᠠᠴᠠ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠢᠯᠡᠷᠡᠭᠦᠯᠵᠦ᠂ ᠴᠡᠷᠢᠭ ᠠᠴᠠ ᠬᠠᠯᠠᠭᠳᠠᠭᠰᠠᠳ ᠵᠢᠴᠢ ᠬᠡᠷ ᠪᠦᠯᠢ ᠶᠢᠨ ᠬᠢᠨ ᠳᠤ ᠨᠠᠮ ᠤᠨ ᠬᠠᠶᠢᠷ᠎ᠠ ᠬᠠᠯᠠᠮᠵᠢ᠂ ᠠᠷᠠᠳ ᠣᠯᠠᠨ ᠤ ᠬᠦᠨᠳᠦᠳᠬᠡᠯ ᠢ ᠦᠨᠡᠨᠬᠦ ᠬᠦᠷᠲᠡᠭᠡᠵᠦ᠂ ᠴᠡᠷᠢᠭ ᠠᠴᠠ ᠬᠠᠯᠠᠭᠳᠠᠭᠰᠠᠳ ᠤᠨ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ