ᠯᠢ ᠯᠢᠦ ᠰᠢᠶᠤᠤ ᠬᠤᠷᠢᠨᠭᠡᠷ ᠰᠢᠶᠠᠨ ᠤ ᠤᠯᠤᠰ ᠤᠨ ᠳᠡᠰ ᠤᠨ ᠡᠪᠡᠰᠦ ᠪᠡᠯᠴᠢᠭᠡᠷ ᠤᠨ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/2
8.2李六小走访调研和林格尔县国家级草牧业园区项目建设情况.jpg
      7 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠯᠢᠦ ᠰᠢᠶᠤᠤ ᠱᠧᠩ ᠯᠧ ᠪᠠᠯᠭᠠᠰᠤᠨ ᠳᠤ ᠭᠦᠨᠵᠡᠭᠡᠶᠢᠷᠡᠵᠦ ᠡᠪᠡᠰᠦᠲᠦ ᠬᠤᠷᠢᠨᠭᠡᠷ ᠰᠢᠶᠠᠨ ᠤ ᠤᠯᠤᠰ ᠤᠨ ᠲᠡᠰ ᠤᠨ ᠡᠪᠡᠰᠦ ᠪᠡᠯᠴᠢᠭᠡᠷ ᠤᠨ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠨᠢᠦ ᠵᠢᠶᠦ᠋ᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃       ᠬᠤᠷᠢᠨᠭᠡᠷ ᠰᠢᠶᠠᠨ ᠤ ᠤᠯᠤᠰ ᠤᠨ ᠲᠠᠰ ᠤᠨ ᠡᠪᠡᠰᠦ ᠪᠡᠯᠴᠢᠭᠡᠷ ᠤᠨ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠡᠵᠡᠯᠡᠬᠦ ᠲᠠᠯᠠᠪᠠᠶ ᠨᠢ 1440 ᠮᠥ ᠪᠠᠶᠢᠵᠤ᠂ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ︽ᠨᠢᠭᠡ ᠲᠠᠪᠴᠠᠩ᠂ ᠵᠢᠷᠭᠤᠭᠠᠨ ᠲᠥᠪ᠂ ᠨᠢᠭᠡ ᠰᠤᠳᠤᠯᠭᠠᠨ ᠤ ᠬᠦᠷᠢᠶᠡᠯᠡᠩ︾ ᠪᠠ ᠠᠮᠢᠲᠠᠨ ᠤᠷᠭᠤᠮᠠᠯ ᠤᠨ ᠡᠭᠦᠯᠳᠡᠷ ᠤᠨ ᠦᠢᠯᠡᠰ ᠤᠨ ᠦᠵᠡᠰᠬᠦᠯᠡᠩ ᠤᠨ ᠬᠦᠷᠢᠶᠡᠯᠡᠩ ᠪᠠᠶᠢᠵᠤ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠪᠠᠶᠢᠵᠤ᠂ ᠭᠤᠤᠯ ᠪᠣᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠲᠠᠪᠴᠠᠩ ᠤᠨ ᠠᠷᠠᠯᠵᠢᠶᠠᠨ ᠤ ᠬᠡᠪᠴᠢᠶ᠎ᠡ ᠨᠢ 30 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠣᠷᠣᠯᠭ᠎ᠠ ᠨᠢ 6 ᠳ᠋ᠦᠩᠰᠢᠭᠤᠷ ᠲᠥᠭᠦᠷᠢᠭ ᠲᠤ ᠬᠦᠷᠴᠦ ᠪᠣᠯᠤᠨ᠎ᠠ᠃ ᠯᠢ ᠯᠢᠦ ᠰᠢᠶᠤᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠯᠠᠪᠤᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠨᠠᠷᠢᠨ ᠣᠶᠢᠯᠠᠭᠠᠪᠠ᠃      ᠯᠢ ᠯᠢᠦ ᠰᠢᠶᠤᠤ ᠬᠡᠯᠡᠭᠰᠡᠨ ᠨᠢ᠂ ᠬᠤᠷᠢᠨᠭᠡᠷ ᠰᠢᠶᠠᠨ ᠤ ᠤᠯᠤᠰ ᠤᠨ ᠲᠡᠰ ᠤᠨ ᠡᠪᠡᠰᠦ ᠪᠡᠯᠴᠢᠭᠡᠷ ᠤᠨ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠢ ᠠᠬᠢᠭᠤᠯᠬᠤ ᠪᠣᠯ ︽ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠴᠠᠭ ᠢᠮᠠᠭᠲᠠ ᠰᠠᠨᠠᠭ᠎ᠠ ᠠᠮᠤᠷ ᠥᠬᠡᠶ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ ᠶᠢ ᠦᠨᠡᠨᠬᠦ ᠰᠠᠶᠢᠲᠤᠷ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠠᠶᠢᠲᠤᠷ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠶ ᠭᠡᠪᠡ᠃      ᠯᠢ ᠯᠢᠦ ᠰᠢᠶᠤᠤ ᠬᠡᠯᠡᠭᠰᠡᠨ ᠨᠢ᠂ ᠯᠠᠪᠳᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠶᠠᠰᠤ ᠴᠢᠨᠠᠷ ᠤᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠣᠳᠣᠬᠠᠨ ᠤ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠬᠥᠮᠦᠨ ᠤ ᠬᠦᠴᠦ ᠪᠣᠳᠠᠰ ᠤᠨ ᠬᠦᠴᠦᠨ ᠢ ᠭᠦᠢᠴᠡᠳ ᠳᠡᠭᠡᠭᠰᠢᠯᠡᠭᠦᠯᠵᠦ᠂ ᠲᠦᠷᠦᠯ ᠵᠦᠢᠯ ᠤᠨ ᠡᠷᠲᠡ ᠠᠰᠢᠭᠯᠠᠯᠲᠠ ᠳᠤ ᠣᠷᠣᠵᠤ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ