︽ᠬᠥᠬᠡᠬᠤᠲᠠ ᠶᠢᠨ  ︿ᠠᠷᠪᠠᠨ ᠳᠥᠷᠪᠡᠳᠦᠭᠡᠷ ᠲᠠᠪᠤᠨ ᠵᠢᠯ ﹀ ᠤᠨ ᠬᠤᠭᠤᠴᠠᠭᠠᠨ ᠳᠠᠬᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠥᠯᠦᠪᠵᠢᠭᠦᠯᠭᠡ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/8/2
      ᠨᠢᠭᠡ᠂ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠥᠯᠦᠪᠵᠢᠭᠦᠯᠭᠡ︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠲᠣᠭᠲᠠᠭᠠᠭᠰᠠᠨ ᠠᠬᠤᠢ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ      ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠣᠯ ᠮᠠᠨ ᠤ ᠤᠯᠤᠰ ᠤᠨ  ᠦᠷᠬᠦᠯᠵᠢᠯᠡᠭᠦᠶᠢᠴᠡ ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ ᠮᠥᠨ᠂ ᠬᠠᠷᠢᠭᠤᠴᠠᠯᠭ᠎ᠠ ᠲᠠᠢ ᠲᠣᠮᠣ ᠤᠯᠤᠰ ᠤᠨ ᠬᠠᠷᠢᠭᠤᠴᠠᠯᠭ᠎ᠠ ᠡᠭᠦᠷᠭᠡᠯᠡᠯ ᠮᠥᠨ᠃ 2020 ᠣᠨ ᠤ 9 ᠳ᠋ᠤᠭᠡᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠲᠠᠯᠠᠨ ᠲᠠᠪᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠮᠠᠷᠭᠤᠯᠳᠤᠭᠠᠨ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ︽ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ︾ ᠡᠷᠴᠢᠮ ᠢᠶᠠᠨ ᠴᠢᠩᠭᠠᠷᠠᠭᠤᠯᠵᠤ᠂ ᠨᠡᠩ ᠬᠦᠴᠦᠲᠡᠢ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ ᠤᠷᠬᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ  ᠵᠠᠷᠯᠠᠪᠠ᠃      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠭᠰᠠᠨ ᠠᠩᠬᠠᠳᠠᠭᠴᠢ ᠲᠠᠪᠤᠨ ᠵᠢᠯ ᠮᠥᠨ᠂ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠪᠠᠶᠢᠭᠰᠠᠨ ᠠᠴᠠ ᠪᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂ ᠮᠦᠨᠴᠦ ᠮᠠᠨ ᠤ ᠤᠯᠤᠰ ᠤᠨ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂  ᠮᠦᠨᠴᠦ 2030 ᠣᠨ᠂ 2035 ᠣᠨ ᠢ ᠵᠣᠯᠭᠠᠭᠤᠯᠬᠤ ᠴᠢᠬᠤᠯᠠ ᠬᠤᠭᠤᠴᠠᠭ᠎ᠠ ᠮᠥᠨ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠲᠠᠪᠤᠨ ᠵᠢᠯ ᠮᠥᠨ᠃ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠥᠯᠦᠪᠵᠢᠭᠦᠯᠭᠡ ᠶᠢᠨ ᠠᠵᠢᠯ ᠢ ᠰᠠᠶᠢᠲᠤᠷ ᠬᠢᠬᠦ ᠪᠣᠯ ᠬᠥᠬᠡᠬᠤᠲᠠ ᠶᠢᠨ ᠬᠦᠯᠡᠮᠵᠢ ᠶᠢᠨ ᠬᠡᠢ ᠪᠡᠶᠡᠲᠦ ᠶᠢ  ᠬᠢᠵᠠᠭᠠᠷᠯᠠᠬᠤ ᠪᠠ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠬᠡᠷᠡᠭᠴᠡᠭᠡ ᠪᠣᠯᠬᠤ ᠮᠥᠷᠲᠡᠭᠡᠨ ᠮᠦᠨᠴᠦ ᠠᠭᠠᠷ ᠮᠠᠨᠳᠠᠯ ᠤᠨ ᠪᠣᠬᠢᠷᠳᠤᠯ ᠢ ᠵᠠᠰᠠᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠲᠦᠮᠵᠢᠲᠡᠶ ᠵᠣᠯᠭᠠᠭᠤᠯᠵᠤ᠂ ᠬᠥᠬᠡᠬᠤᠲᠠ ᠶᠢᠨ ᠦᠵᠡᠮᠵᠢ ᠲᠡᠭᠦᠯᠳᠡᠷ ᠠᠭᠤᠯᠠ ᠤᠰᠤ ᠲᠠᠢ ᠰᠠᠶᠢᠬᠠᠨ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠬᠡᠷᠡᠭᠴᠡᠭᠡ ᠪᠣᠯᠣᠨ᠎ᠠ᠃      ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ  ᠨᠢ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠨᠥᠯᠥᠭᠡᠯᠡᠬᠦ ᠬᠦᠴᠦᠨ ᠤ ᠨᠡᠮᠡᠭᠳᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠪᠴᠢᠷᠠᠭᠰᠠᠨ ᠰᠢᠨ᠎ᠡ ᠨᠡᠮᠡᠭᠳᠡᠯ ᠵᠡᠷᠭᠡ ᠠᠵᠠ ᠲᠣᠬᠢᠶᠠᠯ ᠢ ᠤᠭᠲᠤᠨ ᠠᠪᠴᠢᠷᠠᠭᠰᠠᠨ ᠤ ᠬᠠᠮᠲᠤ ᠪᠠᠰᠠ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠬᠦᠴᠢᠷᠳᠡᠯ ᠶᠡᠭᠡ᠂ ᠰᠠᠭᠤᠭᠠᠯᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠦᠷᠭᠦᠯᠵᠢᠯᠡᠨ ᠨᠡᠮᠡᠭᠳᠡᠬᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠭᠤᠷ ᠠᠮᠢᠰᠬᠤᠯ ᠤᠨ ᠬᠤᠪᠢᠷᠠᠯᠲᠠ ᠶᠢᠨ ᠣᠯᠠᠨ ᠳᠠᠪᠬᠤᠷ ᠥᠷᠢᠰᠦᠯᠳᠦᠭᠡᠨ ᠵᠡᠷᠭᠡ ᠳᠠᠷᠤᠯᠲᠠ ᠳᠤ ᠲᠤᠯᠭᠠᠷᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠡᠩ ᠰᠠᠶᠢᠲᠤᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷᠭᠦᠯᠵᠢᠯᠡᠭᠦᠶᠢᠴᠡ ᠬᠥᠭᠵᠢᠯᠲᠡ ᠶᠢ ᠪᠡᠶᠡᠯᠡᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠠᠵᠤ ᠠᠬᠤᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠴᠢᠬᠤᠯᠠ ᠶᠡᠭᠡ ᠠᠵᠠ ᠲᠣᠬᠢᠶᠠᠯ ᠢ  ᠡᠵᠡᠮᠳᠡᠵᠦ᠂ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠠᠷᠠᠯᠲᠠ ᠶᠢ ᠦᠨᠡᠨᠬᠦ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠳᠤᠮᠳᠠ ᠣᠷᠣᠨ ᠤ ᠲᠥᠪ ᠤᠨ ᠡᠭᠦᠷᠭᠡᠯᠡᠯ ᠢ ᠢᠯᠡᠷᠡᠭᠦᠯᠬᠦ  ᠶᠢᠨ ᠲᠦᠯᠦᠭᠡ᠂ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠥᠯᠦᠪᠵᠢᠭᠦᠯᠭᠡ︾ ᠶᠢ ᠲᠣᠭᠲᠠᠭᠠᠪᠠ᠃      ᠬᠤᠶᠠᠷ᠂ ︽ᠲᠥᠯᠦᠪᠵᠢᠭᠦᠯᠭᠡ︾ ᠶᠢᠨ ᠭᠤᠣᠯ ᠠᠭᠤᠯᠭ᠎ᠠ      ︽ᠲᠥᠯᠦᠪᠵᠢᠭᠦᠯᠭᠡ︾ ᠨᠢ ︽ᠣᠳᠣᠬᠢ ᠪᠠᠶᠢᠳᠠᠯ ᠪᠠ ᠪᠠᠶᠢᠳᠠᠯ︾᠂ ︽ᠵᠢᠯᠤᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ︾᠂ ︽ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ︾᠂ ︽ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡᠯᠡᠯ ᠳᠤ ᠵᠣᠬᠢᠴᠠᠬᠤ︾᠂ ︽ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠵᠢᠱᠢᠶ᠎ᠡ ᠶᠢ ᠴᠤᠭᠴᠠᠯᠠᠬᠤ︾᠂ ︽ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ︾᠂ ︽ᠪᠠᠲᠤᠯᠠᠭ᠎ᠠ ᠶᠢᠨ ᠠᠷᠭ᠎ᠠ ᠬᠡᠮᠵᠢᠶ᠎ᠡ︾ ᠨᠡᠶᠢᠳᠡ ᠲᠤᠯᠤᠭᠠᠨ ᠪᠦᠯᠦᠭ 37 ᠬᠡᠰᠡᠭ ᠢᠶᠠᠷ ᠪᠦᠷᠢᠯᠳᠦᠵᠡᠢ       ᠨᠢᠭᠡᠳᠦᠭᠡᠷ ᠪᠦᠯᠦᠭ ᠣᠳᠣᠬᠢ ᠪᠠᠶᠢᠳᠠᠯ ᠪᠠ ᠪᠠᠶᠢᠳᠠᠯ᠃ ᠮᠠᠨ ᠤ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠣᠳᠣᠬᠢ ᠪᠠᠶᠢᠳᠠᠯ ᠪᠠ ᠣᠯᠣᠭᠰᠠᠨ ᠦᠷ᠎ᠡ ᠪᠦᠲᠦᠮᠵᠢ ᠶᠢ ᠳ᠋ᠦᠩᠨᠡᠵᠦ᠂ ᠮᠠᠨ ᠤ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠠᠯ᠎ᠠ ᠪᠠᠷ ᠲᠤᠯᠭᠠᠷᠠᠵᠤ ᠪᠠᠶᠢᠭ᠎ᠠ ᠪᠠᠶᠢᠳᠠᠯ᠂ ᠠᠵᠠ ᠲᠣᠬᠢᠶᠠᠯ ᠪᠠ ᠥᠷᠢᠰᠦᠯᠳᠦᠭᠡᠨ ᠢ ᠳᠤᠷᠠᠳᠤᠨ ᠭᠠᠷᠭᠠᠪᠠ᠃      ᠬᠤᠶᠠᠳᠤᠭᠠᠷ ᠪᠦᠯᠦᠭ ᠵᠢᠯᠤᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠭᠤᠣᠯ ᠬᠠᠷᠠᠯᠲᠠ ᠪᠣᠯ ᠠᠭᠤᠷ ᠠᠮᠢᠰᠬᠤᠯ ᠤᠨ ᠬᠤᠪᠢᠷᠠᠯᠲᠠ ᠶᠢ ᠨᠠᠮᠳᠠᠭᠤᠯᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠶᠡᠬᠡᠪᠡᠷ ᠨᠡᠮᠡᠭᠳᠡᠭᠦᠯᠵᠦ᠂ ᠠᠭᠤᠷ ᠠᠮᠢᠰᠬᠤᠯ ᠤᠨ ᠵᠠᠰᠠᠯᠲᠠ ᠶᠢᠨ ᠰᠢᠰᠲ᠋ᠧᠮᠵᠢ ᠶᠢ ᠨᠡᠩ ᠪᠦᠷᠢᠨᠰᠢᠭᠦᠯᠬᠦ ᠶᠠᠪᠤᠳᠠᠯ ᠪᠣᠯᠣᠨ᠎ᠠ᠃      ᠭᠤᠷᠪᠠᠳᠤᠭᠠᠷ ᠪᠦᠯᠦᠭ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠨ᠎ᠠ᠃ ᠪᠦᠬᠦ ᠬᠤᠳᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠠᠯᠢ ᠲᠦᠷᠭᠡᠨ ᠢᠶᠠᠷ ᠤᠷᠬᠢᠯ ᠳᠤ ᠬᠦᠷᠭᠡᠬᠦ᠂ ᠭᠤᠣᠯᠳᠠᠯᠭ᠎ᠠ ᠲᠠᠢ ᠠᠵᠢᠯ ᠲᠦᠷᠦᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠠᠵᠢᠯᠯᠠᠭ᠎ᠠ ᠶᠢ ᠥᠷᠨᠢᠭᠦᠯᠬᠦ᠂ ᠡᠨᠧᠷᠭᠢ ᠶᠢᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ᠂ ᠠᠵᠤ ᠦᠢᠯᠡᠳᠪᠦᠷᠢ ᠶᠢᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠵᠡᠷᠭᠡ 9 ᠲᠠᠯ᠎ᠠ ᠠᠴᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠨ᠎ᠠ᠃      ᠳᠥᠷᠪᠡᠳᠦᠭᠡᠷ ᠪᠦᠯᠦᠭ ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡᠯᠡᠯ ᠳᠤ ᠵᠣᠬᠢᠴᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠠᠮᠢ ᠠᠬᠤᠢ ᠶᠢᠨ ᠰᠢᠰᠲ᠋ᠧᠮ ᠤᠨ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠠᠭᠤᠷ ᠠᠮᠢᠰᠬᠤᠯ ᠤᠨ ᠤᠶᠠᠨ ᠬᠠᠲᠠᠨ ᠴᠢᠨᠠᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ 4 ᠲᠠᠯ᠎ᠠ ᠪᠠᠷ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠨ᠎ᠠ᠃      ᠲᠠᠪᠤᠳᠤᠭᠠᠷ ᠪᠦᠯᠦᠭ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠴᠡᠭ ᠵᠢᠱᠢᠶ᠎ᠡ ᠶᠢ ᠴᠤᠭᠴᠠᠯᠠᠨ᠎ᠠ᠃ ᠠᠭᠤᠷ ᠠᠮᠢᠰᠬᠤᠯ ᠳᠤ ᠵᠣᠬᠢᠴᠠᠬᠤ ᠬᠡᠯᠪᠡᠷᠢ ᠶᠢᠨ ᠬᠤᠳᠠ ᠶᠢᠨ ᠲᠤᠷᠰᠢᠯᠲᠠ ᠶᠢ ᠦᠷᠭᠦᠯᠵᠢᠯᠡᠨ ᠲᠦᠯᠬᠢᠨ ᠠᠬᠢᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠳᠠ ᠶᠢᠨ ᠡᠯ᠎ᠡ ᠲᠦᠷᠦᠯ ᠤᠨ ᠲᠤᠷᠰᠢᠯᠲᠠ ᠶᠢ ᠭᠦᠨᠵᠡᠭᠡᠶᠢᠷᠡᠭᠦᠯᠬᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠤᠷᠰᠢᠯᠲᠠ ᠶᠢ ᠥᠷᠨᠢᠭᠦᠯᠬᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ ᠣᠷᠴᠢᠮ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠬᠤ ᠵᠡᠷᠭᠡ 7 ᠲᠠᠯ᠎ᠠ ᠠᠴᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠬᠦᠯᠦᠨ᠎ᠡ᠃      ᠵᠢᠷᠭᠤᠳᠤᠭᠠᠷ ᠪᠦᠯᠦᠭ  ᠵᠠᠰᠠᠯᠲᠠ ᠶᠢᠨ ᠰᠢᠰᠲ᠋ᠧᠮᠵᠢ ᠪᠠ  ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠦᠷᠢᠳᠬᠡᠨ ᠲᠣᠭᠠᠴᠠᠬᠤ ᠰᠢᠰᠲ᠋ᠧᠮᠵᠢ ᠶᠢ ᠲᠡᠭᠦᠯᠳᠡᠷᠵᠢᠭᠦᠯᠬᠦ᠂ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ 6 ᠲᠠᠯ᠎ᠠ ᠠᠴᠠ ᠵᠠᠰᠠᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃      ᠳᠣᠯᠣᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ᠃  ᠵᠣᠬᠢᠶᠠᠨ ᠪᠠᠶᠢᠭᠤᠯᠵᠤ ᠬᠠᠮᠢᠶᠠᠷᠬᠤ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ᠂ ᠪᠡᠯᠡ ᠮᠥᠩᠭᠦ ᠶᠢᠨ ᠪᠠᠲᠤᠯᠠᠭ᠎ᠠ ᠶᠢ ᠨᠡᠮᠡᠭᠳᠡᠭᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠬᠠᠭᠤᠯᠭ᠎ᠠ ᠶᠢ ᠴᠢᠩᠭᠠᠳᠬᠠᠬᠤ᠂ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠴᠢᠩᠳᠠᠯᠠᠬᠤ ᠵᠡᠷᠭᠡ 5 ᠲᠠᠯ᠎ᠠ ᠠᠴᠠ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ      ᠬᠠᠷᠢᠯᠴᠠᠬᠤ ᠬᠥᠮᠥᠨ᠄ ᠴᠢ ᠯᠢ ᡁᠢ᠂ ᠬᠠᠷᠢᠯᠴᠠᠬᠤ ᠤᠲᠠᠰᠤ᠄ 4612780
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ