8 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/22
      8 ᠳ᠋ᠤᠭᠠᠷ ᠰᠠᠷ᠎ᠠ ᠶᠢᠨ 21 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 3 ᠨᠡᠮᠡᠭᠳᠡᠪᠡ᠂ ᠡᠭᠦᠨ ᠳᠤ ᠪᠤᠭᠤᠲᠤ ᠬᠤᠲᠠ ᠳᠤ 1 ︵ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠴᠢᠩ ᠱᠠᠨ ᠲᠣᠭᠤᠷᠢᠭ ᠲᠤ ᠪᠣᠢ᠂ ᠲᠣᠳᠤᠯᠠᠭᠰᠠᠨ‌ᠡᠪᠡᠳᠴᠢᠨ ᠤ ᠵᠢᠱᠢᠶ᠎ᠡ  ᠶᠢᠨ ᠣᠶᠢᠷ᠎ᠠ ᠬᠠᠪᠢᠳᠠᠯ ᠪᠣᠯᠣᠨ᠎ᠠ︶᠂ ᠬᠥᠯᠥᠨ ᠪᠤᠶᠢᠷ ᠬᠤᠲᠠ ᠳᠤ 1 ︵ᠲᠤᠰᠠᠭᠠᠷᠯᠠᠬᠤ ᠴᠡᠭ ᠠᠴᠠ ᠪᠠᠶᠢᠴᠠᠭᠠᠵᠤ  ᠭᠠᠷᠭᠠᠪᠠ᠂ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 1 ︵ᠣᠶᠢᠷ᠎ᠠ ᠬᠠᠪᠢᠳᠠᠯ ᠢ ᠰᠢᠭᠰᠢᠨ ᠪᠠᠶᠢᠴᠠᠭᠠᠬᠤ ᠳᠤᠮᠳᠠ ᠪᠠᠶᠢᠴᠠᠭᠠᠵᠤ ᠭᠠᠷᠭᠠᠪᠠ᠂ ᠡᠷᠢᠶᠡᠨ ᠬᠤᠲᠠ ᠳᠤ ᠪᠣᠢ︶᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠣᠶᠢᠷ᠎ᠠ ᠬᠠᠪᠢᠳᠠᠯ ᠢ ᠰᠢᠭᠰᠢᠨ ᠪᠠᠶᠢᠴᠠᠭᠠᠬᠤ ᠳᠤᠮᠳᠠ ᠪᠠᠶᠢᠴᠠᠭᠠᠵᠤ ᠭᠠᠷᠭᠠᠪᠠ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠣᠢ︶ ᠨᠡᠮᠡᠭᠳᠡᠪᠡ᠃  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 6 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 2 ︵ᠦᠴᠦᠸᠠᠨ ᠰᠢᠶᠠᠨ ᠳᠤ 1᠂ ᠨᠢᠭᠡ ᠡᠭᠡᠯᠵᠢ ᠶᠢᠨ ᠨᠢᠰᠬᠡᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1︶᠂ ᠰᠢᠯᠢ ᠶᠢᠨ ᠭᠤᠣᠯ ᠠᠶᠢᠮᠠᠭ ᠲᠤ 2 ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠦᠮᠦᠨ ︵ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 2 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠠᠴᠠ 1 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ ᠵᠢᠱᠢᠶ᠎ᠡ ᠪᠣᠯᠤᠨ᠎ᠠ᠃      8 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 43 ᠪᠣᠢ᠂ ᠡᠭᠦᠨ ᠳᠤ ᠬᠥᠬᠡᠬᠤᠲᠠ ᠳᠤ 7 ︵ᠦᠴᠦᠸᠠᠨ ᠰᠢᠶᠠᠨ ᠳᠤ 1 ᠂ ᠭᠠᠳᠠᠷ ᠮᠤᠵᠢ ᠠᠴᠠ ᠮᠡᠳᠡᠭᠳᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ 1 ᠪᠣᠶ᠂ ᠪᠤᠰᠤᠳ 5 ᠨᠢ ᠨᠢᠭᠡ ᠡᠭᠡᠯᠵᠢ ᠶᠢᠨ ᠨᠢᠰᠬᠡᠯ ᠤᠨ  ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠣᠨ᠎ᠠ︶᠂ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ ᠪᠣᠶ︶᠂ ᠬᠥᠯᠥᠨ ᠪᠤᠶᠢᠷ ᠬᠤᠲᠠ ᠳᠤ 6 ︵ᠴᠥᠮ ᠮᠠᠨᠵᠤᠤᠷ ᠬᠤᠲᠠ ᠳᠤ ᠪᠣᠶ︶᠂ ᠰᠢᠯᠢ ᠶᠢᠨ ᠭᠤᠣᠯ ᠠᠶᠢᠮᠠᠭ ᠲᠤ 6 ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 20 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 19︶᠂ ᠣᠷᠳᠣᠰ ᠬᠤᠲᠠ ᠳᠤ 2 ︵ᠴᠥᠮ ᠣᠲᠤᠭ ᠬᠤᠰᠢᠭᠤᠨ ᠳᠤ ᠪᠣᠶ︶᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ 26 ᠪᠣᠶ᠂ ᠡᠭᠦᠨ ᠳᠤ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ ᠪᠣᠶ︶᠂ ᠰᠢᠯᠢ ᠶᠢᠨ ᠭᠤᠣᠯ ᠠᠶᠢᠮᠠᠭ ᠲᠤ 3 ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 18 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 17︶᠂ ᠠᠯᠠᠱᠠ ᠠᠶᠢᠮᠠᠭ ᠲᠤ 2 ︵ᠴᠥᠮ ᠠᠯᠠᠱᠠ ᠵᠡᠭᠦᠨ ᠬᠤᠰᠢᠭᠤᠨ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ  2 ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠪᠠᠶᠢᠵᠤ᠂  ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ  ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ  ᠰᠡᠷᠭᠡᠶᠢᠯᠡᠵᠦ ᠪᠠᠶᠢᠨ᠎ᠠ᠃ 
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ