8 ᠳ᠋ᠤᠭᠠᠷ ᠰᠠᠷ᠎ᠠ ᠶᠢᠨ 22 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠪᠡ᠂ ᠡᠭᠦᠨ ᠳᠤ ᠬᠥᠯᠥᠨ ᠪᠣᠶᠢᠷ ᠬᠤᠲᠠ ᠳᠤ 1 ︵ᠲᠤᠰᠠᠭᠠᠷᠯᠠᠬᠤ | ᠭᠠᠵᠠᠷ ᠠᠴᠠ ᠪᠠᠶᠢᠴᠠᠭᠠᠵᠤ ᠭᠠᠷᠭᠠᠪᠠ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠤᠯᠠᠷᠢᠪᠠ᠂ | ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 1 ︵ᠣᠶᠢᠷ᠎ᠠ ᠬᠠᠪᠢᠳᠠᠯ ᠤᠨ ᠰᠢᠭᠰᠢᠨ ᠪᠠᠶᠢᠴᠠᠭᠠᠯᠲᠠ ᠳᠤ ᠪᠠᠶᠢᠴᠠᠭᠠᠵᠤ ᠭᠠᠷᠭᠠᠪᠠ᠂ | ᠡᠷᠢᠶᠡᠨ ᠬᠤᠲᠠ ᠳᠤ ᠪᠣᠢ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠲᠤᠰᠠᠭᠠᠷᠯᠠᠬᠤ ᠭᠠᠵᠠᠷ ᠠᠴᠠ ᠪᠠᠶᠢᠴᠠᠭᠠᠵᠤ | ᠭᠠᠷᠭᠠᠪᠠ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠳᠤ ᠪᠣᠢ︶ ᠨᠡᠮᠡᠭᠳᠡᠪᠡ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ | 3 ᠬᠥᠮᠥᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶᠂ | ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ | ᠪᠣᠢ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ | ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠳᠤ ᠪᠣᠢ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 2 ᠬᠥᠮᠥᠨ ︵ | ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ | ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢᠯᠡᠷᠢᠰᠢᠵᠦ ᠡᠮᠨᠡᠯᠭᠡ ᠠᠴᠠ ᠭᠠᠷᠪᠠ᠃ | 8 ᠳ᠋ᠤᠭᠠᠷ ᠰᠠᠷ᠎ᠠ ᠶᠢᠨ 22 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 42 ᠪᠤᠢ᠂ ᠡᠭᠦᠨ ᠳᠤ ᠬᠥᠬᠡᠬᠤᠲᠠ ᠳᠤ 6 ︵ᠦᠴᠦᠸᠠᠨ ᠰᠢᠶᠠᠨ ᠳᠤ 1᠂ ᠭᠠᠳᠠᠷ ᠮᠤᠵᠢ ᠠᠴᠠ ᠮᠡᠳᠡᠭᠳᠡᠭᠰᠡᠨ | ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ 1᠂ ᠪᠤᠰᠤᠳ 4 ᠨᠢ ᠨᠢᠭᠡ ᠡᠭᠡᠯᠵᠢ ᠶᠢᠨ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶ | ᠂ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ ᠪᠣᠢ︶᠂ ᠬᠥᠯᠥᠨ ᠪᠣᠶᠢᠷ ᠬᠤᠲᠠ ᠳᠤ 7 ︵ᠴᠥᠮ ᠮᠠᠨᠵᠤᠤᠷ ᠬᠤᠲᠠ ᠳᠤ ᠪᠣᠢ︶᠂ | ᠰᠢᠯᠢ ᠶᠢᠨ ᠭᠤᠣᠯ ᠠᠶᠢᠮᠠᠭ ᠲᠤ 6 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 19 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ | ᠭᠠᠷᠤᠨ ᠬᠤᠶᠢᠳᠤ ᠬᠤᠰᠢᠭᠤᠨ ᠳᠤ 18 ᠪᠣᠢ︶᠂ ᠣᠷᠳᠣᠰ ᠬᠤᠲᠠ ᠳᠤ 2 ︵ᠴᠥᠮ ᠣᠲᠤᠭ ᠬᠤᠰᠢᠭᠤᠨ ᠳᠤ ᠪᠣᠢ︶ ᠪᠣᠢ᠃ ᠣᠷᠣᠨ ᠨᠤᠲᠤᠭ ᠤᠨ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 23 ᠪᠣᠢ᠂ ᠡᠭᠦᠨ ᠳᠤ ᠬᠥᠯᠥᠨ ᠪᠣᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠢ︶᠂ | ᠰᠢᠯᠢ ᠶᠢᠨ ᠭᠤᠣᠯ ᠠᠶᠢᠮᠠᠭ ᠲᠤ 2 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 16 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠳᠤ 15︶᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ ᠪᠣᠢ︶᠃ ᠬᠢᠯᠢ ᠶᠢᠨ ᠭᠠᠳᠠᠨ᠎ᠠ ᠠᠴᠠ | ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠬᠥᠬᠡᠬᠤᠲᠠ ᠳᠤ︶ ᠪᠣᠢ᠃ ᠳᠡᠭᠡᠷᠡᠬᠢ ᠬᠦᠮᠦᠰ ᠢ ᠴᠥᠮ | ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ |