ᠬᠤᠷᠢᠨᠭᠡᠷ ᠰᠢᠶᠠᠨ 2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠠᠩᠬᠠᠨ ᠤ ᠣᠨ ᠤ ︽ᠢᠯᠡ ᠪᠠᠷ ᠠᠩᠭᠢ ᠬᠤᠪᠢᠶᠠᠬᠤ︾ ᠲᠣᠭᠲᠠᠴᠠ ᠶᠢ ᠡᠬᠢᠯᠡᠨ ᠬᠡᠷᠡᠭᠯᠡᠪᠡ
ᠨᠡᠶᠢᠲᠡᠯᠡᠭᠰᠡᠨ ᠴᠠᠭ᠄
2022/8/24
8.24和林格尔县启用2022年义务教育阶段起始年级“阳光分班”机制.jpg
      8 ᠰᠠᠷ᠎ᠠ ᠶᠢᠨ 23 ᠤ ᠡᠳᠦᠷ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠬᠢᠯᠡᠯᠲᠡ ᠶᠢᠨ ᠣᠨ ᠤ ︽ᠢᠯᠡ ᠪᠠᠷ ᠠᠩᠭᠢ ᠬᠤᠪᠢᠶᠠᠬᠤ︾ ᠠᠵᠢᠯ ᠢ ᠡᠷᠭᠢᠯᠡᠪᠡ᠃ ᠬᠤᠷᠠᠯ ᠨᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠵᠢᠴᠢ ᠬᠤᠯᠪᠣᠭᠳᠠᠯ ᠪᠥᠬᠦᠶ ᠰᠤᠷᠭᠠᠭᠤᠯᠢ ᠶᠢᠨ ᠵᠠᠬᠢᠷᠤᠯ᠂ ᠬᠢᠴᠢᠶᠡᠯ ᠬᠥᠮᠦᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠬᠢᠴᠢᠶᠡᠯ ᠬᠥᠮᠦᠵᠢᠯ ᠤᠨ ᠡᠷᠬᠢᠯᠡᠭᠴᠢ᠂ ᠪᠠᠭᠰᠢ ᠶᠢᠨ ᠲᠥᠯᠥᠭᠡᠯᠡᠭᠴᠢ᠂ ᠰᠢᠨ᠎ᠡ ᠰᠣᠷᠣᠭᠴᠢ ᠶᠢᠨ ᠬᠡᠷ ᠤᠨ ᠠᠬᠠᠮᠠᠳ ᠤᠨ ᠲᠥᠯᠥᠭᠡᠯᠡᠭᠴᠢ ᠵᠡᠷᠭᠡ ᠣᠯᠠᠨ ᠲᠠᠯ᠎ᠠ ᠶᠢᠨ ᠬᠦᠴᠦᠨ ᠤ ᠬᠢᠨᠠᠯᠲᠠ ᠳᠣᠤᠷ᠎ᠠ ᠶᠠᠪᠤᠭᠳᠠᠵᠤ᠂ ᠠᠩᠭᠢ ᠬᠤᠪᠢᠶᠠᠬᠤ ᠶᠢ ᠲᠡᠩᠴᠡᠭᠦᠷᠢᠲᠡᠶ ᠪᠠᠶᠢᠯᠭᠠᠬᠤ ︽ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠯᠭᠠᠬᠤ︾ ᠵᠠᠷᠴᠢᠮ ᠢ ᠭᠦᠢᠴᠡᠳ ᠢᠯᠡᠷᠡᠭᠦᠯᠪᠡ᠃      ᠲᠣᠰ ᠤᠳᠠᠭ᠎ᠠ ᠶᠢᠨ ᠣᠷᠣᠨ ᠪᠠᠶᠢᠷᠢ ᠲᠣᠮᠢᠯᠠᠬᠤ ᠺᠣᠮᠫᠢᠦ᠋ᠲ᠋ᠧᠷ ᠤᠨ ᠵᠥᠭᠡᠯᠡᠨ ᠲᠣᠨᠤᠭ ᠪᠣᠯ ᠬᠥᠬᠡᠬᠤᠲᠠ ᠶᠢᠨ ᠬᠤᠰᠢᠭᠤ ᠰᠢᠶᠠᠨ ᠲᠣᠭᠤᠷᠢᠭ ᠤᠨ ︽ᠢᠯᠡ ᠪᠠᠷ ᠠᠩᠭᠢ ᠬᠤᠪᠢᠶᠠᠬᠤ︾ ᠵᠥᠭᠡᠯᠡᠨ ᠲᠣᠨᠤᠭ ᠪᠣᠯᠤᠨ᠎ᠠ᠂ ᠵᠥᠭᠡᠯᠡᠨ ᠲᠣᠨᠤᠭ ᠢ ᠪᠣᠯ ᠺᠣᠮᠫᠢᠦ᠋ᠲ᠋ᠧᠷ ᠠᠴᠠ ᠲᠠᠰᠢᠷᠠᠮ ᠤᠨ ᠹᠦᠩᠺᠼ ᠤᠨ ᠵᠢᠷᠤᠮᠯᠠᠯ ᠢ ᠦᠨᠳᠦᠰᠦᠯᠡᠨ ᠣᠷᠣᠨ ᠪᠠᠶᠢᠷᠢ ᠲᠣᠮᠢᠯᠠᠬᠤ ᠪᠣᠯᠬᠤᠷ ᠤᠷᠢᠳᠴᠢᠯᠠᠨ ᠮᠡᠳᠡᠵᠦ ᠳᠡᠶᠢᠯᠬᠦ ᠥᠬᠡᠶ ᠮᠥᠷᠲᠡᠭᠡᠨ ᠬᠥᠮᠦᠨ ᠤ ᠬᠦᠴᠦ ᠪᠠᠷ ᠠᠵᠢᠯᠯᠠᠭᠤᠯᠵᠤ ᠴᠤ ᠪᠣᠯᠬᠤ ᠥᠬᠡᠶ ᠶᠤᠮ᠃ ᠬᠤᠷᠢᠨᠭᠡᠷ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠺᠣᠮᠫᠢᠦ᠋ᠲ᠋ᠧᠷ ᠤᠨ ᠠᠩᠭᠢ ᠬᠤᠪᠢᠶᠠᠭᠰᠠᠨ ᠬᠥᠮᠦᠨ ᠤ ᠲᠤᠭ᠎ᠠ 1252 ᠪᠠᠶᠢᠵᠤ᠂ ᠡᠭᠦᠨ ᠳᠤ᠄ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 10 ᠠᠩᠭᠢ 529᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ 10 ᠠᠩᠭᠢ 361᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ 10 ᠠᠩᠭᠢ 362 ᠪᠣᠶ᠃      ︽ᠢᠯᠡ ᠪᠠᠷ ᠠᠩᠭᠢ ᠬᠤᠪᠢᠶᠠᠬᠤ︾ ᠲᠣᠭᠲᠠᠴᠠ ᠶᠢ ᠡᠬᠢᠯᠡᠨ ᠬᠡᠷᠡᠭᠯᠡᠵᠦ᠂ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠵᠤ ᠪᠠᠭᠰᠢ ᠰᠣᠩᠭᠤᠬᠤ᠂ ᠠᠩᠭᠢ ᠰᠣᠩᠭᠤᠬᠤ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠰᠣᠷᠣᠭᠴᠢ ᠨᠢᠭᠡᠪᠦᠷᠢ ᠶᠢᠨ ᠡᠷᠬᠡ ᠲᠡᠭᠰᠢ ᠪᠠᠷ ᠰᠤᠷᠭᠠᠨ ᠬᠥᠮᠦᠵᠢᠯ ᠭᠥᠷᠳᠡᠬᠦ ᠡᠷᠬᠡ ᠶᠢ ᠬᠠᠮᠠᠭᠠᠯᠠᠵᠤ᠂ ᠡᠷᠡᠭᠦᠯ ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠡᠶ᠎ᠡ ᠵᠣᠬᠢᠴᠠᠯ ᠲᠠᠢ᠂ ᠡᠷᠬᠡ ᠲᠡᠭᠰᠢ ᠲᠥᠪ ᠭᠤᠤᠯᠴᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠪᠠ᠃ ᠵᠠᠯᠭᠠᠭᠠᠳ ᠪᠥᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠢᠯᠡ ᠪᠠᠷ ᠠᠩᠭᠢ ᠬᠤᠪᠢᠶᠠᠭᠰᠠᠨ ᠤ ᠳᠠᠷᠠᠭᠠᠬᠢ ᠠᠵᠢᠯ ᠢ ᠰᠠᠶᠢᠲᠤᠷ ᠬᠢᠵᠦ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠳᠤ ᠰᠠᠶᠢᠲᠤᠷ ᠪᠡᠯᠡᠳᠬᠡᠯ ᠬᠢᠬᠦ ᠪᠣᠯᠤᠨ᠎ᠠ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ