ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ ᠲᠥᠪ ᠤᠨ ᠡᠷᠬᠢᠯᠡᠭᠴᠢ | ᠽᠧᠩ ᠯᠢᠩ ᠰᠢᠨ᠂ ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠯᠢ ᠪᠢᠨ᠂ ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ | ᠡᠷᠬᠢᠯᠡᠭᠴᠢ ᠤᠯᠠᠭᠠᠨ | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ | ᠦᠭᠡ ᠦᠯᠡᠳᠡᠭᠡᠵᠦ ᠵᠣᠴᠢᠳ ᠲᠠᠢ ᠦᠵᠡᠯ ᠪᠤᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | ᠬᠥᠲᠥᠯᠥᠭᠴᠢ᠄ | ᠳᠡᠭᠡᠷ᠎ᠡ ᠬᠠᠭᠠᠰ ᠵᠢᠯ ᠢ ᠡᠷᠬᠢᠴᠡᠭᠦᠯᠬᠦ ᠳᠤ᠂ ᠪᠦᠬᠦ ᠤᠯᠤᠰ ᠤᠨ ᠠᠵᠤ ᠠᠬᠤᠢ ᠴᠥᠮ ᠨᠡᠯᠢᠶᠡᠳ ᠶᠡᠭᠡ ᠪᠠᠭᠤᠷᠠᠬᠤ ᠳᠠᠷᠤᠯᠲᠠ ᠳᠤ ᠲᠤᠯᠭᠠᠷᠠᠵᠤ᠂ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠡᠶᠢᠮᠦᠷᠬᠦᠦ ᠪᠠᠶᠢᠳᠠᠯ ᠤᠨ ᠳᠣᠣᠷ᠎ᠠ᠂ ᠨᠡᠶᠢᠭᠡᠮ ᠤᠨ ᠡᠯ᠎ᠡ | ᠡᠲᠡᠭᠡᠳ ᠤᠨ ᠬᠢᠨ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ ᠣᠳᠣᠬᠠᠨ ᠳᠤ᠂ | ᠳᠡᠭᠡᠷ᠎ᠡ ᠬᠠᠭᠠᠰ ᠵᠢᠯ ᠤᠨ ᠡᠯ᠎ᠡ ᠵᠦᠢᠯ ᠤᠨ ᠲᠤᠭ᠎ᠠ ᠪᠠᠷᠢᠮᠲᠠ ᠶᠢ ᠨᠢᠭᠡᠨᠲᠡ ᠨᠡᠶᠢᠲᠡᠯᠡᠯ᠎ᠡ᠂ ᠮᠠᠨ ᠤ ᠬᠤᠲᠠ ᠶᠢᠨ ᠠᠵᠤ ᠠᠬᠤᠢ ᠶᠢᠨ ᠠᠵᠢᠯᠯᠠᠭᠠᠨ ᠨᠢ ᠶᠠᠮᠠᠷᠰᠢᠤ | ︽ᠬᠢᠷᠢ ᠪᠦᠲᠦᠮᠵᠢ ᠶᠢᠨ ᠬᠠᠭᠤᠳᠠᠰᠤ︾ ᠶᠢ ᠲᠤᠰᠢᠶᠠᠭᠰᠠᠨ ᠪᠤᠶ︖ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠬᠡᠷᠬᠢᠨ ᠠᠬᠢᠭᠤᠯᠤᠭᠰᠠᠨ ᠪᠤᠢ︖ | ᠬᠥᠲᠥᠯᠥᠭᠴᠢ᠄ | ᠶᠠᠭᠤᠨ ᠤ ᠡᠮᠦᠨ᠎ᠡ ᠳᠡᠭᠡᠷ᠎ᠡ ᠬᠠᠭᠠᠰ ᠵᠢᠯ ᠤᠨ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠶᠡᠷᠦᠩᠬᠡᠢ ᠪᠠᠶᠢᠳᠠᠯ ᠢ ᠲᠠᠨᠢᠯᠴᠠᠭᠤᠯᠤᠭᠠᠳ | ᠦᠭᠭᠦᠨ᠎ᠡ ᠤᠤ᠃ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠽᠧᠩ ᠯᠢᠩ | ᠰᠢᠨ᠄ | ᠡᠨᠡ ᠵᠢᠯ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ | ᠳᠤᠮᠳᠠ ᠤᠷᠤᠭᠰᠢᠯᠠᠬᠤ︾ ᠶᠡᠷᠦᠩᠬᠡᠢ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ︽ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ︾ ᠶᠢ 2022 ᠣᠨ ᠤ ᠠᠵᠤ | ᠠᠬᠤᠢ ᠶᠢᠨ ᠠᠵᠢᠯ ᠤᠨ ︽ᠶᠡᠷᠦᠩᠬᠡᠢ ᠬᠥᠭ ᠠᠶᠠᠰ︾ ᠪᠣᠯᠭᠠᠪᠠ᠃ ᠳᠡᠭᠡᠷ᠎ᠡ ᠬᠠᠭᠠᠰ ᠵᠢᠯ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠤᠷᠸ᠎ᠠ ᠪᠠᠶᠢᠳᠠᠯ | ᠪᠠ ᠬᠢᠵᠢᠭ ᠤᠨ ᠪᠠᠶᠢᠳᠠᠯ ᠣᠯᠠᠨ ᠡᠭᠦᠰᠦᠭᠰᠡᠨ ᠳᠠᠭᠠᠷᠢᠯᠲᠠ ᠶᠢᠨ ᠡᠮᠦᠨ᠎ᠡ᠂ ᠮᠠᠨ ᠤ ᠬᠤᠲᠠ ︽ᠠᠵᠤ ᠠᠬᠤᠢ ᠶᠢ ᠲᠣᠭᠲᠠᠭᠤᠨ ᠪᠠᠶᠢᠯᠭᠠᠬᠤ︾ ᠶᠢ ᠨᠠᠩ | ᠲᠣᠪᠣᠶᠢᠮ᠎ᠠ ᠪᠠᠶᠢᠷᠢᠨ ᠳᠤ ᠲᠠᠯᠪᠢᠵᠤ᠂ ᠭᠦᠢᠴᠡᠳᠬᠡᠯ ᠲᠤᠭ᠎ᠠ ᠶᠢᠨ ᠠᠵᠢᠯᠯᠠᠭᠠᠨ ᠢ ᠠᠳᠬᠤᠬᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠠᠳᠬᠤᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠬᠤ᠂ ᠠᠵᠤ ᠦᠢᠯᠡᠰ ᠤᠨ ᠬᠥᠭᠵᠢᠯᠲᠡ ᠶᠢ ᠠᠳᠬᠤᠬᠤ᠂ ᠠᠵᠤ ᠠᠬᠤᠶᠢᠯᠠᠯ ᠤᠨ | ᠪᠠᠲᠤᠯᠠᠭ᠎ᠠ ᠶᠢ ᠠᠳᠬᠤᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠳᠠᠷᠤᠯᠲᠠ ᠶᠢ ᠳᠠᠭᠠᠭᠠᠵᠤ᠂ ᠦᠷᠭᠦᠯᠵᠢᠯᠡᠨ ᠬᠦᠴᠦᠯᠡᠪᠡ | ᠃ ᠨᠢᠭᠡᠳᠦᠭᠡᠷ ᠤᠯᠠᠷᠢᠯ ᠳᠤ ︽ᠲᠣᠭᠲᠠᠭᠤᠨ ᠢᠶᠠᠷ ᠡᠬᠢᠯᠡᠵᠦ︾᠂ 4 ᠳ᠋ᠤᠭᠡᠷ ᠰᠠᠷ᠎ᠠ ᠳᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ︽ | ᠪᠠᠭᠤᠷᠠᠭᠰᠠᠨ︾ ᠪᠠᠶᠢᠳᠠᠯ ᠢᠯᠡᠷᠡᠵᠦ᠂ 5 ᠳ᠋ᠤᠭᠠᠷ ᠰᠠᠷ᠎ᠠ᠂ 6 ᠳ᠋ᠤᠭᠠᠷ ᠰᠠᠷ᠎ᠠ ᠳᠤ ᠬᠡᠰᠡᠭ ᠭᠦᠢᠴᠡᠳᠬᠡᠯ ᠲᠤᠭ᠎ᠠ ︽ᠲᠣᠭᠲᠠᠭᠤᠨ ᠢᠶᠠᠷ ᠳᠡᠭᠡᠭᠰᠢᠯᠡᠬᠦ︾ ᠶᠢ | ᠪᠡᠶᠡᠯᠡᠭᠦᠯᠪᠡ᠃ ᠭᠦᠢᠴᠡᠳᠬᠡᠯ ᠲᠤᠭ᠎ᠠ ᠶᠢ ᠬᠤᠪᠢᠶᠠᠵᠤ ᠦᠵᠡᠪᠡᠯ᠄ | ᠳᠡᠭᠡᠷ᠎ᠡ ᠬᠠᠭᠠᠰ ᠵᠢᠯ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 1663.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ | ᠬᠢ ᠠᠴᠠ 4.4% ᠨᠡᠮᠡᠭᠳᠡᠵᠦ᠂ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠨ᠎ᠠ᠃ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 3% | ᠪᠠᠷ ᠨᠡᠮᠡᠭᠳᠡᠪᠡ᠂ ᠡᠭᠦᠨ ᠳᠤ ᠦᠶᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠨᠡᠯᠢᠶᠡᠳ ᠲᠦᠷᠭᠡᠨ ᠨᠡᠮᠡᠭᠳᠡᠵᠡᠢ᠃ | ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 3.1% ᠨᠡᠮᠡᠭᠳᠡᠪᠡ᠃ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ | ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ | ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ ᠵᠡᠷᠭᠡ ᠠᠵᠢᠯ ᠲᠥᠷᠥᠯ ᠤᠨ | ᠳᠠᠶᠢᠴᠢᠯᠠᠯᠲᠠ ᠢᠯᠡᠳᠲᠡ ᠪᠠᠶᠢᠨ᠎ᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.8% ᠨᠡᠮᠡᠭᠳᠡᠪᠡ᠃ 27 ᠶᠡᠭᠡ | ᠲᠦᠷᠦᠯ ᠤᠨ ᠠᠵᠢᠯ ᠲᠦᠷᠦᠯ ᠤᠨ ᠨᠡᠮᠡᠭᠳᠡᠯ ᠤᠨ ᠬᠡᠪᠴᠢᠶ᠎ᠡ 55.6% ᠳᠤ ᠬᠦᠷᠴᠦ᠂ ᠡᠭᠦᠨ ᠤ ᠳᠣᠲᠣᠷ᠎ᠠ 8 ᠠᠵᠢᠯ ᠲᠦᠷᠦᠯ ︽ᠬᠤᠶᠠᠷ ᠣᠷᠣᠨᠲᠤ ᠲᠤᠭ᠎ᠠ | ︾ ᠶᠢᠨ ᠨᠡᠮᠡᠭᠳᠡᠯ ᠢ ᠪᠡᠶᠡᠯᠡᠭᠦᠯᠪᠡ᠃ ᠬᠤᠸᠠ ᠶᠣᠣ ᠬᠡᠷᠡᠯ ᠴᠠᠬᠢᠯᠭᠠᠨ᠂ ᠱᠧᠩ ᠹᠠᠨ᠂ ᠵᠥᠩ ᠯᠢ ᠵᠡᠷᠭᠡ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ | ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠨ᠎ᠠ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.5% ᠨᠡᠮᠡᠭᠳᠡᠪᠡ᠃ ᠰᠠᠭᠤᠷᠢ ᠪᠡᠯᠡᠳᠬᠡᠮᠵᠢ ᠶᠢᠨ ᠪᠡᠯᠡ | ᠣᠷᠣᠭᠤᠯᠤᠯᠲᠠ ᠨᠢ ᠭᠤᠣᠯ ᠲᠠᠲᠠᠬᠤ ᠬᠦᠴᠦᠨ ᠪᠣᠯᠵᠤ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 29.5% ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.9 ᠳᠠᠬᠢᠨ ᠨᠡᠮᠡᠭᠳᠡᠨ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 27.5 ᠵᠠᠭᠤᠨ ᠤ ᠨᠢᠭᠡᠴᠢ | ᠳᠠᠶᠢᠴᠢᠯᠠᠪᠠ᠃ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠬᠦᠴᠦᠲᠡᠢ ᠨᠡᠮᠡᠭᠳᠡᠯ ᠤᠨ ᠬᠠᠨᠳᠤᠰᠢ ᠪᠠᠨ ᠪᠠᠲᠤᠯᠠᠵᠤ᠂ ᠠᠵᠤ | ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 486.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.1% ᠪᠠᠭᠤᠷᠠᠪᠠ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠪᠣᠷᠤᠯᠠᠭᠤᠯᠭ᠎ᠠ ᠶᠢᠨ ᠬᠡᠷᠡᠭᠯᠡᠭᠡ ᠳᠤ | ᠦᠵᠡᠭᠦᠯᠦᠭᠰᠡᠨ ᠳᠠᠶᠢᠴᠢᠯᠠᠬᠤ ᠦᠢᠯᠡᠳᠦᠯ ᠨᠡᠯᠢᠶᠡᠳ ᠶᠡᠭᠡ ᠪᠠᠶᠢᠵᠤ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠲᠣᠭᠲᠠᠭᠤᠨ ᠪᠠᠶᠢᠳᠠᠯ ᠢᠶᠠᠨ | ᠦᠷᠭᠦᠯᠵᠢᠯᠡᠨ ᠪᠠᠲᠤᠯᠠᠵᠤ᠂ ᠮᠠᠰᠢᠨ ᠲᠡᠷᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠠᠶᠢᠵᠢᠷᠠᠪᠠ᠃ | ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 135.37 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠦᠷᠳᠡᠭ ᠤᠨ | ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢᠨ ᠬᠦᠴᠦᠨ ᠵᠦᠢᠯ ᠢ ᠬᠠᠰᠤᠪᠠᠯ 22% ᠢᠶᠠᠷ ᠨᠡᠮᠡᠭᠳᠡᠪᠡ᠃ | ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21595 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 27005 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠡᠢ᠃ ᠵᠠᠰᠠᠭ ᠵᠠᠬᠢᠷᠭᠠᠨ ᠤ ᠠᠵᠢᠯ | ᠦᠢᠯᠡᠰ ᠤᠨ ᠨᠢᠭᠡᠴᠡ ᠶᠢᠨ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠤᠭᠰᠠᠨ ᠪᠠ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠯ ᠤᠨ ᠮᠥᠩᠭᠦ ᠣᠯᠭᠤᠭᠰᠠᠨ ᠨᠢ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ ᠨᠢ ᠢᠯᠡᠷᠬᠡᠢ ᠪᠠᠶᠢᠨ᠎ᠠ᠃ ᠬᠦ᠋ᠳᠡᠭᠡ ᠲᠣᠰᠬᠤᠨ ᠤ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9742 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% | ᠨᠡᠮᠡᠭᠳᠡᠪᠡ᠃ ᠡᠨᠡ ᠵᠢᠯ ᠤᠨ ᠠᠮᠤ ᠪᠤᠳᠠᠭᠠᠨ ᠤ ᠦᠨ᠎ᠡ ᠨᠡᠯᠢᠶᠡᠳ ᠥᠨᠳᠥᠷ᠂ ᠲᠠᠷᠢᠮᠠᠯ ᠤᠨ ᠦᠷ᠎ᠡ ᠠᠰᠢᠭ ᠰᠠᠶᠢᠵᠢᠷᠠᠵᠤ᠂ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠣᠯᠤᠭᠰᠠᠨ ᠠᠴᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ | ᠪᠠᠶᠢᠨ᠎ᠠ᠃ | ᠶᠡᠷᠦᠩᠬᠡᠢ ᠳᠤᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ᠂ ᠬᠡᠳᠦᠶᠢᠪᠡᠷ ᠪᠥᠬᠦ ᠬᠤᠲᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ | ᠲᠤᠭ᠎ᠠ ᠨᠢ ᠵᠢᠯ ᠤᠨ ᠡᠬᠢᠨ ᠤ ᠵᠢᠱᠢᠭᠰᠡᠨ ᠬᠠᠷᠠᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠲᠠᠢ ᠵᠣᠬᠢᠬᠤ ᠵᠥᠷᠢᠶ᠎ᠡ ᠲᠠᠢ | ᠪᠠᠶᠢᠭᠰᠠᠨ ᠴᠤ ᠶᠡᠷᠦᠩᠬᠡᠢ ᠳᠡᠭᠡᠨ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠢᠯᠠᠩᠭᠤᠶ᠎ᠠ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠭᠰᠡᠨ ᠪᠠᠶᠢᠨ᠎ᠠ᠃ ᠬᠢᠵᠢᠭ ᠤᠨ ᠪᠠᠶᠢᠳᠠᠯ ᠵᠡᠷᠭᠡ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ | ᠳᠠᠭᠠᠷᠢᠯᠲᠠ ᠶᠢᠨ ᠳᠣᠣᠷ᠎ᠠ᠂ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠤᠭ᠎ᠠ ᠶᠢ ᠦᠨᠳᠦᠰᠦᠨ ᠳᠡᠭᠡᠨ ᠵᠣᠬᠢᠰᠲᠠᠢ ᠣᠷᠣᠨ ᠵᠠᠢ ᠳᠤ ᠪᠠᠶᠢᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ | ᠨᠡᠶᠢᠴᠡᠵᠡᠢ᠃ | ᠬᠥᠲᠥᠯᠥᠭᠴᠢ᠄ | ᠰᠠᠶ᠋ᠢ ᠲᠠᠨᠢᠯᠴᠠᠭᠤᠯᠤᠭᠰᠠᠨ ᠢᠶᠠᠷ ᠳᠠᠮᠵᠢᠭᠠᠳ ᠣᠯᠠᠨ ᠢᠶᠠᠷ ᠢᠶᠠᠨ ᠳᠡᠭᠡᠷ᠎ᠡ ᠬᠠᠭᠠᠰ ᠵᠢᠯ ᠤᠨ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ | ᠲᠤᠬᠠᠢ ᠨᠢᠭᠡᠨ ᠶᠡᠷᠦᠩᠬᠡᠢ ᠴᠢᠨᠠᠷᠲᠠᠢ ᠣᠶᠢᠯᠠᠭᠠᠯᠲᠠ ᠲᠠᠢ ᠪᠣᠯᠤᠯ᠎ᠠ᠃ ᠣᠳᠣᠬᠠᠨ ᠳᠤ ᠡᠯ᠎ᠡ ᠭᠠᠵᠠᠷ ᠤᠨ ᠬᠢᠨ ᠠᠵᠤ ᠠᠬᠤᠢ ᠶᠢᠨ ᠪᠠᠭᠤᠷᠠᠯᠲᠠ ᠶᠢᠨ | ᠳᠠᠷᠤᠯᠲᠠ ᠶᠢ ᠠᠷᠭᠠᠴᠠᠬᠤ ᠶᠢᠨ ᠲᠥᠯᠥᠭᠡ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠨ | ᠬᠡᠷᠡᠭᠵᠢᠭᠦᠯᠦᠭᠰᠡᠨ ᠪᠠᠶᠢᠨ᠎ᠠ᠂ ᠲᠡᠭᠡᠪᠡᠯ ᠮᠠᠨ ᠤ ᠬᠤᠲᠠ ᠡᠨᠡ ᠵᠢᠯ ᠶᠠᠮᠠᠷ ᠶᠠᠮᠠᠷ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠪᠣᠶ︖ ᠡᠳᠡᠭᠡᠷ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠦᠷ᠎ᠡ ᠳ᠋ᠦᠩ ᠨᠢ ᠶᠠᠮᠠᠷ ᠵᠡᠷᠭᠡ ᠪᠣᠢ︖ | ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠯᠢ ᠪᠢᠨ᠄ | | | | | | ᠡᠨᠡ ᠵᠢᠯ᠂ ᠮᠠᠨ ᠤ ᠬᠤᠲᠠ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ᠴᠢᠨᠠᠷ ᠰᠠᠶᠢᠲᠠᠢ ᠬᠥᠭᠵᠢᠯᠲᠡ ᠶᠢᠨ | ᠲᠣᠭᠤᠷᠢᠨ ᠳᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠰᠢᠭᠲᠠᠢ ᠪᠠᠶᠢᠯᠭᠠᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠯᠢ | ᠣᠯᠠᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠪᠡ᠃ ᠵᠢᠱᠢᠶᠡᠯᠡᠪᠡᠯ᠂ ᠬᠢᠵᠢᠭ ᠤᠨ ᠪᠠᠶᠢᠳᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠦᠵᠡᠭᠦᠯᠬᠦ | ᠳᠠᠭᠠᠷᠢᠯᠲᠠ ᠶᠢ ᠪᠦᠲᠦᠮᠵᠢᠲᠡᠶ ᠠᠷᠭᠠᠴᠠᠬᠤ ᠶᠢᠨ ᠲᠥᠯᠥᠭᠡ᠂ ︽ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ︔ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ᠂ ︽ | ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠨᠡᠶᠢᠲᠡ 9 ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠪᠠ︔ ᠪᠥᠬᠦ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠶᠢᠨ ᠶᠡᠭᠡ ᠬᠤᠷᠠᠯ ᠢ ᠬᠤᠷᠠᠯᠳᠤᠭᠤᠯᠵᠤ᠂ ︽ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 57 ᠵᠤᠷᠪᠤᠰ︾ ︽ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 55 ᠵᠤᠷᠪᠤᠰ︾ ᠢ ᠨᠡᠶᠢᠲᠡᠯᠡᠪᠡ︔ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠶᠢ ᠯᠠᠪᠳᠠᠭᠤᠨ ᠪᠠᠲᠤᠳᠠᠢ ᠲᠤᠭᠲᠠᠭᠤᠨ ᠪᠠᠶᠢᠯᠭᠠᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠥᠯᠢᠶᠡᠨ | ᠠᠪᠴᠤ ᠨᠠᠶᠢᠳᠠᠪᠤᠷᠢᠵᠢᠭᠤᠯᠬᠤ ᠶᠢᠨ ᠲᠥᠯᠥᠭᠡ᠂ ᠪᠣᠳᠠᠲᠤ ᠪᠠᠶᠢᠳᠠᠯ ᠢᠶᠠᠨ ᠦᠨᠳᠦᠰᠦᠯᠡᠨ ︽ᠬᠥᠬᠡᠬᠤᠲᠠ ᠶᠢᠨ ᠠᠵᠤ ᠠᠬᠤᠢ ᠶᠢ ᠯᠠᠪᠳᠠᠭᠤᠨ ᠪᠠᠲᠤᠲᠠᠢ | ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠵᠤᠷᠪᠤᠰ ᠳᠠᠷᠠᠭᠠᠯᠠᠨ ᠨᠠᠷᠢᠯᠢᠭᠵᠢᠭᠤᠯᠤᠨ ᠲᠣᠭᠲᠠᠭᠠᠵᠤ᠂ ᠵᠢᠷᠭᠤᠭᠠᠨ | ᠶᠡᠭᠡ ᠲᠠᠯ᠎ᠠ ᠶᠢᠨ 43 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠬᠠᠮᠤᠷᠪᠠ᠃ ᠡᠲᠡᠭᠡᠷ ᠲᠥᠷᠥ ᠶᠢᠨ ᠪᠣᠳᠣᠯᠭ᠎ᠠ ᠨᠢ ︽ᠬᠠᠨᠳᠤᠯᠭᠠᠲᠤ ᠴᠢᠨᠠᠷ︾ ᠢᠶᠠᠷ ᠴᠢᠩᠭ᠎ᠠ | ᠂ ︽ᠬᠤᠯᠪᠣᠭᠳᠠᠬᠤ ᠲᠠᠯ᠎ᠠ︾ ᠨᠢ ᠥᠷᠭᠡᠨ ᠪᠠᠶᠢᠵᠤ᠂ ᠪᠤᠳᠠᠳᠠᠢ ᠠᠷᠭ᠎ᠠ ᠭᠡᠮᠵᠢᠶ᠎ᠡ ᠪᠠᠷ ᠳᠦᠭᠦᠷᠡᠩ᠂ ᠬᠢᠯᠠᠰ ᠴᠡᠭ ᠨᠢ ᠣᠯᠠᠨ᠂ ᠵᠢᠩᠬᠢᠨᠢ ᠦᠨ᠎ᠡ ᠴᠠᠨ᠎ᠠ ᠪᠠᠷ | ᠭᠦᠢᠴᠡᠳ ᠭᠡᠵᠦ ᠬᠡᠯᠡᠵᠦ ᠪᠣᠯᠣᠨ᠎ᠠ᠃ | ᠡᠭᠦᠨ ᠤ ᠵᠡᠷᠭᠡᠪᠡᠷ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠤᠰᠠ ᠶᠢ ᠲᠦᠷᠭᠡᠨ | ᠦᠵᠡᠭᠦᠯᠬᠦ ᠶᠢ ᠠᠬᠢᠭᠤᠯᠬᠤ ᠶᠢᠨ ᠲᠤᠰᠠᠳᠠ ᠪᠢᠳᠡ ᠨᠢᠭᠡ ᠳᠤ ᠲᠥᠷᠥ ᠶᠢᠨ ᠪᠣᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠦᠴᠦᠯᠡᠴᠡ ᠪᠠᠨ ᠨᠡᠮᠡᠭᠳᠡᠭᠦᠯᠪᠡ᠃ | ᠲᠣᠮᠣ ᠵᠠᠭᠤᠴᠢᠯᠠᠭᠤᠷ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠤᠬᠠᠭᠤᠯᠵᠤ᠂ ᠨᠡᠶᠢᠭᠡᠮ ᠤᠨ ︽ᠨᠥᠯᠥᠭᠡᠯᠡᠬᠦ ᠬᠦᠴᠦᠨ︾ ᠪᠠ ᠣᠯᠠᠨ | ᠲᠦᠮᠡᠨ ᠤ ︽ᠮᠡᠳᠡᠬᠦ ᠨᠣᠷᠮ᠎ᠠ︾ ᠶᠢ ᠳᠡᠭᠡᠭᠰᠢᠯᠡᠭᠦᠯᠵᠦ᠂ ᠬᠥᠮᠥᠰ ᠲᠤ ᠦᠨᠡᠨᠬᠦ ᠪᠣᠳᠠᠲᠤ ᠠᠰᠢᠭ ᠬᠦᠷᠲᠡᠭᠡᠪᠡ᠃ ᠬᠤᠶᠠᠷ ᠲᠤ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠬᠤ ᠠᠵᠢᠯ ᠢ ᠰᠠᠶᠢᠳᠤᠷ ᠬᠢᠪᠡ᠃ ᠡᠯ᠎ᠡ ᠰᠠᠯᠠᠭ᠎ᠠ ᠮᠥᠴᠢᠷ ᠤᠨ ᠬᠢᠨ ᠴᠥᠮ ᠨᠠᠶᠢᠳᠠᠪᠤᠷᠢᠵᠢᠭᠤᠯᠤᠯᠲᠠ ᠶᠢᠨ ᠢᠵᠢ | ᠪᠦᠷᠢᠳᠦᠭᠦᠯᠬᠦ ᠲᠦᠷᠦ ᠶᠢᠨ ᠪᠣᠳᠣᠯᠭ᠎ᠠ᠂ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠲᠦᠷᠦ ᠶᠢᠨ ᠪᠣᠳᠣᠯᠭ᠎ᠠ ᠶᠢᠨ ᠲᠣᠬᠢᠷᠠᠬᠤ ᠬᠡᠪᠴᠢᠶ᠎ᠡ᠂ ᠡᠳ᠋ᠯᠡᠬᠦ | ᠨᠥᠬᠦᠴᠡᠯ ᠪᠠ ᠭᠦᠢᠴᠡᠳᠬᠡᠬᠦ ᠶᠠᠪᠤᠴᠠ ᠶᠢ ᠲᠣᠳᠣᠷᠬᠠᠶᠢᠯᠠᠵᠤ᠂ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ᠃ | ᠭᠤᠷᠪᠠ ᠳᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠬᠤ ᠪᠠᠨ ᠴᠢᠩᠭᠠᠳᠬᠠᠪᠠ᠃ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠬᠢᠷᠠᠭᠤᠯᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠬᠡ ᠲᠠᠩᠰᠠ ᠪᠠᠶᠢᠭᠤᠯᠤᠨ᠂ ᠵᠤᠷᠪᠤᠰ | ᠳᠠᠷᠠᠭᠠᠯᠠᠨ ᠮᠥᠷᠳᠡᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ | ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠳᠡᠶᠢᠯᠬᠦ᠂ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠪᠠ᠃ | ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠪᠠᠶᠢᠳᠠᠯ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤ | ᠲᠤᠰᠬᠠᠯ ᠠᠴᠠ ᠦᠵᠡᠪᠡᠯ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠤᠯᠠᠮ ᠢᠶᠠᠷ ᠢᠯᠡᠷᠡᠨ ᠭᠠᠷᠴᠤ ᠪᠠᠶᠢᠨ᠎ᠠ᠃ ᠨᠢᠭᠡ ᠳᠤ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ 6 ᠳ᠋ᠤᠭᠠᠷ ᠰᠠᠷ᠎ᠠ ᠶᠢᠨ ᠡᠴᠦᠰ | ᠪᠣᠯᠲᠠᠯ᠎ᠠ᠂ ᠪᠥᠬᠦ ᠬᠤᠲᠠ ᠳᠤ ᠨᠡᠶᠢᠲᠡ 8345 ᠡᠷᠦᠬᠡ ︵ᠤᠳᠠᠭ᠎ᠠ︶ ᠶᠢᠨ ᠨᠡᠮᠡᠭᠳᠡᠯ ᠥᠷᠲᠡᠭ ᠤᠨ ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢ | ᠪᠤᠴᠠᠭᠠᠬᠤ ᠶᠢ ᠬᠢᠨᠠᠨ ᠵᠥᠪᠰᠢᠶᠡᠷᠡᠵᠦ᠂ ᠬᠠᠷᠭᠤᠭᠤᠯᠤᠨ ᠵᠦᠪᠰᠢᠶᠡᠷᠡᠵᠦ ᠪᠤᠴᠠᠭᠠᠭᠰᠠᠨ ᠭᠠᠶᠢᠯᠢ 44.93 ᠳ᠋ᠦᠩᠰᠢᠭᠤᠷ ᠲᠥᠭᠦᠷᠢᠭ ᠲᠤ ᠬᠦᠷᠴᠡᠢ᠃ ᠠᠵᠢᠯ | ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠪᠤᠴᠠᠭᠠᠵᠤ ᠥᠭᠬᠦ᠂ ᠠᠵᠢᠯ ᠤᠨ ᠪᠠᠶᠢᠷᠢ ᠳᠠᠭᠠᠨ ᠦᠯᠡᠳᠡᠭᠰᠡᠨ ᠠᠵᠢᠯᠲᠠᠨ ᠤ ᠪᠣᠯᠪᠠᠰᠤᠷᠠᠭᠤᠯᠤᠯ ᠤᠨ ᠨᠥᠬᠦᠪᠦᠷᠢ | ᠥᠭᠬᠦ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠥᠭᠬᠦ᠂ ᠤᠰᠤ ᠴᠠᠬᠢᠯᠭᠠᠨ ᠬᠡᠢ ᠶᠢᠨ ᠭᠡᠷ᠎ᠡ ᠠᠴᠠ ᠵᠥᠷᠢᠴᠡᠭᠰᠡᠨ ᠰᠦᠢᠳᠬᠡᠯ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠬᠤᠶᠢᠰᠢᠯᠠᠭᠤᠯᠤᠨ ᠲᠤᠰᠢᠶᠠᠬᠤ ᠵᠡᠷᠭᠡ ᠠᠯᠢ ᠣᠯᠠᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ᠂ ᠨᠡᠶᠢᠲᠡ | 16511 ᠠᠵᠤ ᠠᠬᠤᠶᠢᠯᠠᠯ᠂ 32.4 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠵᠦ᠂ ᠬᠤᠯᠪᠣᠭᠳᠠᠭᠰᠠᠨ ᠪᠡᠯᠡ ᠮᠥᠩᠭᠦ ᠨᠢ 4.1 ᠳ᠋ᠦᠩᠰᠢᠭᠤᠷ | ᠲᠥᠭᠦᠷᠢᠭ ᠲᠤ ᠬᠦᠷᠴᠡᠢ᠃ ︽ᠪᠠᠲᠤᠯᠠᠭᠠᠲᠤ ᠵᠢᠭᠡᠯᠡᠯᠭᠡ︾᠂ ᠦᠢᠯᠡᠰ ᠴᠣᠭᠴᠠᠯᠠᠬᠤ ᠳᠠᠭᠠᠭᠠᠯᠲᠠ ᠪᠠᠷ ᠳᠠᠮᠵᠢᠭᠤᠯᠤᠨ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ 4.5 ᠳ᠋ᠦᠩᠰᠢᠭᠤᠷ ᠲᠥᠭᠦᠷᠢᠭ ᠰᠢᠢᠳᠪᠦᠷᠢᠯᠡᠵᠦ ᠥᠭᠪᠡ᠃ ᠠᠩᠬᠠᠨ ᠤ ᠪᠦᠯᠦᠭ ᠤᠨ ︽ᠰᠦ ᠶᠢᠨ | ᠦᠢᠯᠡᠰ ᠤᠨ ᠬᠦᠭᠵᠢᠯᠲᠡ ᠶᠢ ᠳᠡᠮᠵᠢᠬᠦ ᠶᠢᠰᠦᠨ ᠵᠤᠷᠪᠤᠰ︾ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠪᠡᠯᠡ ᠮᠥᠩᠭᠦ ᠶᠢ 2.26 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠣᠷᠣᠨ ᠬᠤᠲᠠ ᠶᠢᠨ ᠪᠡᠯᠡ ᠮᠥᠩᠭᠦ ᠶᠢ ᠨᠡᠶᠢᠲᠡ 6 ᠳ᠋ᠦᠩᠰᠢᠭᠤᠷ ᠲᠥᠭᠦᠷᠢᠭ ᠪᠡᠶᠡᠯᠡᠭᠦᠯᠵᠡᠢ᠃ ᠳᠡᠭᠡᠷ᠎ᠡ ᠬᠠᠭᠠᠰ ᠵᠢᠯ ᠳᠤ᠂ ᠲᠠᠩᠰᠠᠨ ᠳᠤ | ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ 34 ᠲᠦᠮᠡ ᠳᠤ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6000 ᠭᠠᠷᠤᠢ ᠨᠡᠮᠡᠭᠳᠡᠵᠡᠢ᠃ | ᠬᠤᠶᠠᠷ ᠲᠤ ᠬᠡᠷᠡᠭᠴᠡᠭᠡ ᠱᠠᠭᠠᠷᠳᠠᠯᠭ᠎ᠠ ᠶᠢᠨ ᠳᠠᠯᠳᠠ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ ᠪᠡᠯᠡ ᠣᠷᠣᠭᠤᠯᠤᠯᠲᠠ ᠶᠢᠨ ᠲᠠᠯ᠎ᠠ ᠪᠠᠷ᠂ ᠳᠡᠭᠡᠷ᠎ᠡ | ᠬᠠᠭᠠᠰ ᠵᠢᠯ ᠳᠤ᠂ ᠪᠥᠬᠦ ᠬᠤᠲᠠ ᠶᠢᠨ ᠠᠷᠠᠳ ᠤᠨ ᠪᠡᠯᠡ ᠣᠷᠣᠭᠤᠯᠤᠯᠲᠠ 29.3% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 50.7% ᠶᠢ | ᠡᠵᠡᠯᠡᠪᠡ᠂ ᠡᠭᠦᠨ ᠳᠤ ᠦᠶᠯᠡᠳᠬᠦ ᠦᠢᠯᠡᠰ ᠤᠨ ᠠᠷᠠᠳ ᠤᠨ ᠪᠡᠯᠡ ᠣᠷᠣᠭᠤᠯᠤᠯᠲᠠ 42.0% ᠨᠡᠮᠡᠭᠳᠡᠪᠡ᠃ ᠬᠡᠷᠡᠭᠯᠡᠭᠡᠨ ᠤ ᠲᠠᠯ᠎ᠠ ᠪᠠᠷ᠂ ᠵᠢᠵᠢᠭᠯᠡᠨ | ᠬᠤᠳᠠᠯᠳᠤᠬᠤ᠂ ᠢᠳᠡᠭᠡᠨ ᠤᠮᠳᠠᠭᠠᠨ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠬᠡᠷᠡᠭᠰᠡᠯ᠂ ᠪᠣᠯᠪᠠᠰᠤᠷᠠᠭᠤᠯᠤᠭᠰᠠᠨ ᠴᠢᠯᠠᠭᠤᠨ ᠲᠣᠰᠣ | ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ 7 ᠡᠭᠡᠯᠵᠢ ᠶᠢᠨ ᠨᠡᠶᠢᠲᠡ 2500 ᠲᠦᠮᠡᠨ ᠲᠥᠭᠦᠷᠢᠭ ᠤᠨ ᠠᠷᠠᠳ ᠲᠤ ᠠᠰᠢᠭ | ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ 4 ᠳ᠋ᠦᠩᠰᠢᠭᠤᠷ ᠰᠢᠬᠠᠮ ᠲᠥᠭᠦᠷᠢᠭ ᠤᠨ ᠬᠡᠷᠡᠭᠯᠡᠭᠡ ᠶᠢ ᠰᠢᠭᠤᠳ ᠳᠠᠶᠢᠴᠢᠯᠠᠪᠠ᠃ ᠬᠤᠳᠠᠯᠳᠤᠭᠠᠨ ᠤ | ᠬᠡᠲᠦ ᠳᠡᠯᠭᠡᠭᠦᠷ ᠢ ᠨᠡᠶᠢᠭᠡᠮ ᠲᠣᠭᠤᠷᠢᠭ ᠲᠤ ᠣᠷᠣᠭᠤᠯᠵᠤ ᠪᠣᠷᠤᠯᠠᠭᠤᠯᠭ᠎ᠠ ᠶᠢ ᠠᠬᠢᠭᠤᠯᠬᠤ ᠲᠣᠮᠣ ᠬᠡᠯᠪᠡᠷᠢ ᠶᠢᠨ ᠠᠵᠢᠯᠯᠠᠭ᠎ᠠ ᠶᠢ 30 ᠲᠠᠯᠠᠪᠤᠷ ᠤᠳᠠᠭ᠎ᠠ | ᠵᠣᠬᠢᠶᠠᠨ ᠪᠠᠶᠢᠭᠤᠯᠤᠨ ᠡᠷᠭᠢᠯᠡᠵᠦ᠂ ︽ᠵᠠᠭᠤᠨ ᠠᠵᠤ ᠠᠬᠤᠶᠢᠯᠠᠯ ᠮᠢᠩᠭᠠᠨ ᠳᠡᠯᠭᠡᠭᠦᠷ︾ ᠬᠤᠯᠪᠤᠭᠠᠯᠠᠨ ᠬᠥᠳᠡᠯᠦᠯᠴᠡᠵᠦ ᠪᠣᠷᠤᠯᠠᠭᠤᠯᠭ᠎ᠠ ᠶᠢ ᠠᠬᠢᠭᠤᠯᠬᠤ | ᠠᠵᠢᠯᠯᠠᠭ᠎ᠠ ᠶᠢ 300 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠡᠷᠭᠢᠯᠡᠵᠦ᠂ 35 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠭᠠᠷ | ᠳᠠᠮᠵᠢᠭᠰᠠᠨ ᠮᠠᠰᠢᠨ ᠲᠡᠷᠭᠡ ᠶᠢ ᠨᠡᠭᠦᠯᠭᠡᠬᠦ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠬᠤ ᠪᠠᠷ ᠳᠠᠮᠵᠢᠭᠤᠯᠤᠨ᠂ | ᠫᠢᠺᠠ ᠲᠡᠷᠭᠡ ᠶᠢ ᠬᠤᠲᠠ ᠳᠤ ᠣᠷᠤᠭᠤᠯᠬᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ | ᠲᠡᠷᠭᠡ ᠶᠢ ᠰᠢᠨᠡᠳᠬᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠲᠦᠷᠭᠡᠨ ᠰᠠᠶᠢᠵᠢᠷᠠᠬᠤ ᠶᠢ ᠠᠬᠢᠭᠤᠯᠪᠠ᠃ | ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠠᠯ᠎ᠠ ᠪᠠᠷ᠂ ᠮᠠᠨ ᠤ ᠬᠤᠲᠠ ᠶᠢᠨ ᠪᠠᠷᠠᠭᠠᠨ ᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠶᠡᠷᠦᠩᠬᠡᠢ ᠬᠡᠮᠵᠢᠶ᠎ᠡ 99.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.2% ᠨᠡᠮᠡᠭᠳᠡᠨ᠂ ᠪᠥᠬᠦ | ᠣᠷᠣᠨ ᠤ ᠬᠢ ᠠᠴᠠ 1.9 ᠵᠠᠭᠤᠨ ᠤ ᠨᠢᠭᠡᠴᠢ ᠥᠨᠳᠥᠷ᠂ ᠪᠥᠬᠦ ᠤᠯᠤᠰ ᠤᠨ ᠬᠢ ᠠᠴᠠ 9.8 ᠵᠠᠭᠤᠨ ᠤ ᠨᠢᠭᠡᠴᠢ ᠥᠨᠳᠥᠷ ᠪᠣᠯᠪᠠ︔ ᠭᠠᠳᠠᠭᠠᠳᠤ ᠪᠡᠯᠡ ᠶᠢ | 40570 ᠲᠦᠮᠡᠨ ᠳ᠋ᠣᠯᠯᠠᠷ ᠪᠣᠳᠠᠲᠠᠢ ᠠᠰᠢᠭᠯᠠᠵᠤ᠂ ᠠᠳᠠᠯᠢ ᠬᠤᠭᠤᠴᠠᠭᠠᠨ ᠤ ᠬᠢ ᠠᠴᠠ 187 % ᠨᠡᠮᠡᠭᠳᠡᠨ᠂ ᠪᠥᠬᠦ ᠣᠷᠣᠨ ᠤ ᠶᠡᠷᠦᠩᠬᠡᠢ ᠬᠡᠮᠵᠢᠶ᠎ᠡ ᠶᠢᠨ | 91% ᠶᠢ ᠡᠵᠡᠯᠡᠪᠡ᠃ | ᠬᠥᠲᠥᠯᠥᠭᠴᠢ᠄ | ᠤᠯᠠᠨ ᠤ ᠮᠡᠳᠡᠭᠡᠵᠢ ᠪᠠᠷ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ | ᠨᠥᠯᠥᠭᠡᠯᠡᠬᠦ ︽ᠵᠠᠩᠭᠢᠯᠠᠭ᠎ᠠ︾᠂ ᠮᠦᠨᠴᠦ ᠨᠡᠮᠡᠭᠳᠡᠯ ᠢ ᠲᠣᠭᠲᠠᠪᠤᠷᠢᠵᠢᠭᠤᠯᠵᠤ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠶᠢᠨ ᠬᠦᠴᠦᠲᠡᠢ | ᠲᠤᠯᠭᠠᠭᠤᠷᠢᠯᠠᠯ᠂ ᠪᠦᠲᠦᠴᠡ ᠶᠢ ᠲᠣᠬᠢᠷᠠᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠠᠩᠭᠢᠯᠠᠭ᠎ᠠ ᠶᠢᠨ ᠠᠴᠢᠶᠠᠯᠠᠪᠤᠷᠢ ᠮᠥᠨ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ | ᠪᠢᠳᠡᠨ ᠳᠤ ᠡᠨᠡ ᠵᠢᠯ ᠪᠦᠬᠦ ᠬᠤᠳᠠ ᠪᠠᠷ ᠢᠶᠠᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠬᠢᠨ ᠲᠥᠯᠥᠪᠵᠢᠭᠦᠯᠵᠦ | ᠠᠬᠢᠭᠤᠯᠤᠭᠰᠠᠨ ᠲᠤᠬᠠᠢ ᠲᠠᠨᠢᠯᠴᠠᠭᠤᠯᠤᠭᠠᠳ ᠦᠭᠭᠦᠨ᠎ᠡ ᠤᠤ᠃ | ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠤᠯᠠᠭᠠᠨ᠄ | ᠡᠨᠡ ᠵᠢᠯ ᠪᠥᠬᠦ ᠬᠤᠲᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠬᠢᠵᠢᠭ ᠤᠨ ᠪᠠᠶᠢᠳᠠᠯ ᠤᠨ ᠨᠥᠯᠥᠭᠡ ᠶᠢ ᠠᠷᠢᠯᠭᠠᠬᠤ᠂ ᠠᠵᠤ ᠠᠬᠤᠢ ᠶᠢ ︽ᠲᠣᠭᠲᠠᠭᠤᠨ ᠤ ᠳᠤᠮᠳᠠ ᠤᠷᠤᠭᠰᠢᠯᠠᠭᠤᠯᠬᠤ︾ ᠶᠢ ᠪᠡᠶᠡᠯᠡᠭᠦᠯᠬᠦ ᠲᠡᠷᠢᠭᠦᠨ | ᠵᠡᠷᠭᠡ ᠶᠢᠨ ᠢᠨᠵᠧᠨᠧᠷᠢᠩ ᠪᠣᠯᠭᠠᠨ ᠠᠳᠬᠤᠵᠤ᠂ ᠪᠠᠶᠢᠳᠠᠯ ᠢ ᠰᠥᠷᠦᠨ ᠤᠷᠤᠭᠰᠢᠯᠠᠵᠤ᠂ ᠭᠢᠯᠠᠰ ᠴᠡᠭ ᠤᠯᠠᠨᠲᠠᠢ ᠭᠡᠵᠦ ᠬᠡᠯᠡᠵᠦ ᠪᠣᠯᠤᠨ᠎ᠠ᠂ | ᠬᠤᠷᠢᠶᠠᠩᠭᠤᠶᠢᠯᠠᠪᠠᠯ ︽ᠬᠤᠶᠠᠷ ᠶᠡᠭᠡ᠂ ᠨᠢᠭᠡ ᠥᠷᠭᠡᠨ᠂ ᠨᠢᠭᠡ ᠣᠯᠠᠨ᠂ ᠨᠢᠭᠡ ᠬᠦᠴᠦᠷᠬᠡᠭ︾ ᠪᠣᠯᠣᠨ᠎ᠠ᠃ ᠨᠢᠭᠡ ᠳᠤ᠂ ᠲᠦᠷᠦᠯ ᠵᠦᠢᠯ ᠤᠨ ᠬᠡᠪᠴᠢᠶ᠎ᠡ ︽ | ᠶᠡᠭᠡ︾᠃ ᠡᠨᠡ ᠵᠢᠯ ᠪᠥᠬᠦ ᠬᠤᠲᠠ ᠳᠤ 1042 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 1232 ᠳ᠋ᠦᠩᠰᠢᠭᠤᠷ | ᠲᠥᠭᠦᠷᠢᠭ ᠪᠡᠯᠡ ᠣᠷᠤᠭᠤᠯᠬᠤ ᠪᠠᠷ ᠲᠦᠯᠦᠪᠯᠡᠵᠦ᠂ ᠲᠥᠷᠥᠯ ᠵᠦᠢᠯ ᠤᠨ ᠲᠤᠭ᠎ᠠ ᠪᠠ ᠪᠡᠯᠡ ᠣᠷᠣᠭᠤᠯᠤᠯᠲᠠ ᠶᠢᠨ ᠲᠤᠭ᠎ᠠ ᠨᠢ ᠴᠥᠮ ᠮᠢᠩᠭ᠎ᠠ ᠶᠢ ᠳᠠᠪᠠᠭᠰᠠᠨ | ᠪᠥᠭᠡᠳ ᠲᠤᠭ᠎ᠠ ᠬᠡᠮᠵᠢᠶ᠎ᠡ ᠨᠢ ᠨᠢᠳᠤᠨᠤᠨ ᠤ ᠬᠢ ᠠᠴᠠ 462 ᠨᠡᠮᠡᠭᠳᠡᠵᠦ᠂ ᠲᠦᠯᠦᠪᠯᠡᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ | 58% ᠪᠠᠷ ᠨᠡᠮᠡᠭᠳᠡᠨ᠂ ᠴᠥᠮ ᠨᠢᠳᠤᠨᠤᠨ ᠤ ᠬᠢ ᠠᠴᠠ ᠶᠡᠭᠡ ᠪᠠᠷ ᠳᠡᠭᠡᠭᠰᠢᠯᠡᠭᠰᠡᠨ ᠪᠠᠶᠢᠨ᠎ᠠ᠃ ᠬᠤᠶᠠᠷ ᠲᠤ ᠠᠬᠢᠭᠤᠯᠤᠭᠰᠠᠨ ᠬᠦᠴᠦᠯᠡᠴᠡ ᠶᠡᠭᠡ ᠃ | ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠠᠵᠢᠯ ᠡᠬᠢᠯᠡᠭᠦᠯᠬᠦ ᠵᠢᠴᠢ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ ᠵᠠᠷᠯᠠᠨ ᠮᠡᠳᠡᠭᠳᠡᠵᠦ | ᠦᠨᠡᠯᠡᠬᠦ᠂ ᠮᠥᠷᠳᠡᠨ ᠦᠢᠯᠡᠴᠢᠯᠡᠬᠦ ᠵᠡᠷᠭᠡ ᠠᠯᠢ ᠣᠯᠠᠨ ᠬᠦᠴᠦᠲᠡᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠳᠡᠭᠡᠷ᠎ᠡ ᠬᠠᠭᠠᠰ ᠵᠢᠯ ᠳᠤ᠂ ᠬᠡᠷᠡᠭᠵᠢᠬᠦᠯᠬᠦ ᠪᠠᠷ | ᠲᠦᠯᠦᠪᠯᠡᠭᠰᠡᠨ1042 ᠲᠦᠷᠦᠯ ᠵᠦᠢᠯ ᠢ ᠪᠦᠬᠦᠨ ᠢ ᠠᠵᠢᠯ ᠡᠬᠢᠯᠡᠭᠦᠯᠦᠨ ᠠᠵᠢᠯ ᠰᠡᠷᠭᠦᠭᠡᠵᠦ᠂ 592 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ︽ᠴᠠᠭ ᠬᠠᠭᠠᠰ ᠠᠴᠠ ᠬᠡᠳᠦᠷᠡᠬᠦ ᠳᠤ ᠡᠭᠦᠷᠭᠡ ᠬᠠᠭᠠᠰ ᠠᠴᠠ ᠬᠡᠲᠦᠷᠡᠬᠦ︾ ᠶᠢ ᠪᠡᠶᠡᠯᠡᠭᠦᠯᠪᠡ᠃ | ᠭᠤᠷᠪᠠ ᠳᠤ᠂ ᠪᠠᠶᠢᠷᠢᠰᠢᠭᠤᠯᠤᠯᠲᠠ ᠶᠢᠨ ᠬᠦᠷᠢᠶ᠎ᠡ ᠬᠡᠪᠴᠢᠶ᠎ᠡ ︽ᠥᠷᠭᠡᠨ︾᠃ ᠠᠵᠤ ᠦᠢᠯᠡᠰ ᠤᠨ ᠲᠠᠯ᠎ᠠ ᠪᠠᠷ᠂ ᠵᠢᠷᠭᠤᠭᠠᠨ ᠲᠣᠮᠣ ᠠᠵᠤ | ᠦᠢᠯᠡᠰ ᠤᠨ ᠪᠥᠭᠡᠮᠨᠡᠷᠡᠯ ᠤᠨ ᠬᠥᠲᠥᠴᠢ ᠠᠵᠤ ᠠᠬᠤᠶᠢᠯᠠᠯ ᠤᠨ ᠬᠡᠯᠬᠢᠶ᠎ᠡ ᠪᠠᠶᠢᠭᠤᠯᠬᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ ᠶᠠᠪᠤᠳᠠᠯ ᠢ | ᠴᠢᠩᠭ᠎ᠠ ᠠᠩᠬᠠᠷᠴᠤ᠂ ᠢᠯᠢ ᠶᠢᠨ ᠰᠢᠩᠭᠡᠨ ᠲᠤᠯᠤᠪᠲᠤ ᠰᠦ᠂ ᠳ᠋ᠠ ᠲᠠᠩ ᠤᠨ ᠲᠤᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ᠂ ᠮᠧᠩ ᠨᠢᠦ ᠶᠢᠨ ᠲᠣᠮᠣ | ᠳᠣᠣᠷ᠎ᠠ ᠳᠤᠯᠠᠭᠠᠨ ᠤ ᠬᠡᠰᠡᠭ ᠵᠡᠷᠭᠡ ᠠᠵᠤ ᠦᠢᠯᠡᠰ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠣᠲᠣ ᠪᠣᠯᠲᠠᠯ᠎ᠠ᠂ ᠪᠠᠶᠢᠭᠤᠯᠵᠤ ᠪᠠᠶᠢᠭ᠎ᠠ ᠠᠵᠤ | ᠦᠢᠯᠡᠰ ᠤᠨ ᠪᠥᠭᠡᠮᠨᠡᠷᠡᠯ ᠤᠨ ᠲᠥᠷᠥᠯ ᠵᠦᠢᠯ 283 ᠪᠣᠯᠵᠤ᠂ 259 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠤ | ᠦᠢᠯᠡᠰ ᠤᠨ ᠪᠥᠭᠡᠮᠨᠡᠷᠡᠯ ᠤᠨ ᠳᠠᠶᠢᠴᠢᠯᠠᠬᠤ ᠬᠦᠴᠦᠨ ᠠᠯᠬᠤᠮ ᠠᠯᠬᠤᠮ ᠢᠶᠠᠷ ᠲᠣᠪᠣᠶᠢᠮ᠎ᠠ ᠪᠣᠯᠪᠠ︔ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠰᠢᠨ᠎ᠡ | ᠨᠢᠰᠬᠡᠯ ᠤᠨ ᠪᠠᠭᠤᠳᠠᠯ᠂ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ᠂ ᠭᠤᠷᠪᠠᠳᠤᠭᠠᠷ ᠲᠣᠭᠤᠷᠢᠯ ᠵᠠᠮ ᠵᠡᠷᠭᠡ 297 ᠲᠥᠷᠥᠯ ᠵᠦᠢᠯ ᠢ | ᠬᠡᠷᠡᠭᠵᠢᠭᠦᠯᠵᠦ᠂ 350 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠮᠠᠨ ᠤ ᠬᠤᠲᠠ ᠶᠢᠨ ᠰᠠᠭᠤᠷᠢ ᠪᠡᠯᠡᠳᠬᠡᠮᠵᠢ ᠶᠢᠨ | ᠳᠤᠲᠠᠭᠤᠳᠠᠯ ᠢ ᠪᠥᠬᠦ ᠬᠦᠴᠦᠨ ᠢᠶᠠᠷ ᠢᠶᠠᠨ ᠨᠦᠬᠦᠪᠦᠷᠢᠯᠡᠨ᠎ᠡ︔ ᠠᠷᠠᠳ ᠤᠨ ᠠᠮᠢᠳᠤᠷᠠᠯ ᠤᠨ ᠬᠦᠷᠢᠶᠡᠨ ᠤ ᠲᠠᠯ᠎ᠠ ᠪᠠᠷ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ᠂ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ ᠵᠡᠷᠭᠡ ᠨᠡᠶᠢᠭᠡᠮ ᠠᠷᠠᠳ ᠤᠨ ᠠᠮᠢᠳᠤᠷᠠᠯ ᠤᠨ ᠲᠥᠷᠥᠯ ᠵᠦᠢᠯ ᠢ 125 ᠬᠡᠷᠡᠭᠵᠢᠭᠦᠯᠵᠦ᠂ 110 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠦᠨ᠎ᠡ᠃ ᠳᠥᠷᠪᠡ ᠳᠤ ᠪᠡᠯᠡ ᠮᠥᠩᠭᠦ ᠶᠢ ︽ᠠᠷᠪᠢᠨ︾ ᠢ ᠴᠢᠷᠮᠠᠶᠢᠵᠤ ᠣᠯᠪᠠ᠃ ᠳᠡᠭᠡᠷ᠎ᠡ ᠬᠠᠭᠠᠰ ᠵᠢᠯ ᠳᠤ᠂ ᠨᠡᠶᠢᠲᠡ 27.54 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠯᠵᠤ᠂ 78 ᠭᠤᠣᠯᠳᠠᠯᠭ᠎ᠠ ᠲᠠᠢ ᠲᠥᠷᠥᠯ ᠵᠦᠢᠯ ᠢ ᠳᠡᠮᠵᠢᠪᠡ᠃ ᠡᠭᠦᠨ ᠤ ᠳᠣᠲᠣᠷ᠎ᠠ᠂ ᠲᠥᠪ ᠤᠨ | ᠲᠥᠰᠥᠪ ᠤᠨ ᠳᠣᠲᠣᠷᠠᠬᠢ ᠪᠡᠯᠡ ᠮᠥᠩᠭᠦ 6.64 ᠳ᠋ᠦᠩᠰᠢᠭᠤᠷ ᠲᠥᠭᠦᠷᠢᠭ︔ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠮᠥᠩᠭᠦ | 1.29 ᠳ᠋ᠦᠩᠰᠢᠭᠤᠷ ᠲᠥᠭᠦᠷᠢᠭ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 19.61 ᠳ᠋ᠦᠩᠰᠢᠭᠤᠷ ᠲᠥᠭᠦᠷᠢᠭ ᠲᠤ ᠬᠦᠷᠴᠦ᠂ | ᠲᠡᠮᠡᠴᠡᠨ ᠣᠯᠤᠭᠰᠠᠨ ᠲᠤᠭ᠎ᠠ ᠬᠡᠮᠵᠢᠶ᠎ᠡ ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠣᠳᠣᠬᠠᠨ ᠳᠤ ᠤᠯᠤᠰ ᠤᠨ ᠭᠤᠷᠪᠠᠳᠤᠭᠠᠷ ᠪᠦᠯᠦᠭ ᠤᠨ | ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠮᠡᠳᠡᠭᠦᠯᠬᠦ ᠠᠵᠢᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠨ᠎ᠠ᠂ ᠨᠡᠶᠢᠲᠡ | 136 ᠲᠥᠷᠥᠯ ᠵᠦᠢᠯ ᠢ ᠳᠡᠭᠡᠭᠰᠢ ᠮᠡᠳᠡᠭᠦᠯᠵᠦ᠂ 217 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠭᠤᠶᠤᠴᠢᠯᠠᠬᠤ ᠪᠠᠷ ᠲᠥᠯᠥᠪᠯᠡᠵᠦ ᠪᠠᠶᠢᠨ᠎ᠠ᠃ | ᠲᠠᠪᠤ ᠳᠤ ᠲᠥᠷᠥᠯ ᠵᠦᠢᠯ ᠢ ᠵᠠᠯᠭᠠᠭᠰᠠᠨ ᠨᠢ ︽ᠰᠠᠶᠢᠨ︾᠃ ᠤᠯᠤᠰ ᠤᠨ ᠰᠠᠭᠤᠷᠢ ᠪᠡᠯᠡᠳᠬᠡᠮᠵᠢ ᠶᠢ ᠤᠷᠢᠳᠴᠢᠯᠠᠨ ᠲᠦᠯᠦᠪᠵᠢᠬᠦᠯᠬᠦ ᠲᠦᠷᠦ ᠶᠢᠨ | ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠣᠳᠣᠬᠠᠨ ᠳᠤ᠂ ᠮᠠᠨ ᠤ ᠬᠤᠲᠠ ᠲᠠᠪᠤᠨ ᠲᠠᠯ᠎ᠠ ᠶᠢ ᠲᠦᠯᠦᠪᠵᠢᠬᠦᠯᠦᠭᠡᠳ ᠪᠠᠶᠢᠨ᠎ᠠ᠂ ᠶᠢᠰᠦᠨ | ᠶᠡᠭᠡ ᠬᠦᠷᠢᠶᠡᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠰᠠᠭᠤᠷᠢ ᠪᠡᠯᠡᠳᠬᠡᠮᠵᠢ ᠶᠢᠨ ᠲᠦᠷᠦᠯ ᠵᠦᠢᠯ 509 ᠪᠠᠶᠢᠵᠤ᠂ ᠶᠡᠷᠦᠩᠬᠡᠢ ᠪᠡᠯᠡ | ᠣᠷᠣᠭᠤᠯᠤᠯᠲᠠ ᠨᠢ 7735 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ 163 ᠲᠦᠷᠦᠯ ᠵᠦᠢᠯ ᠨᠢ ᠡᠮᠦᠨᠡᠬᠢ ᠬᠤᠭᠤᠴᠠᠭᠠᠨ ᠤ ᠠᠵᠢᠯ ᠪᠠ | ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠪᠴᠢᠯᠡᠨ ᠥᠷᠨᠢᠭᠦᠯᠵᠦ ᠪᠤᠢ᠂ ᠡᠨᠡ ᠨᠢ ᠮᠠᠨ ᠤ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠳᠤᠲᠠᠭᠤ ᠶᠢ ᠬᠦᠴᠦᠲᠡᠢ ᠨᠥᠬᠦᠪᠦᠷᠢᠯᠡᠵᠦ᠂ ᠰᠢᠨ᠎ᠡ ᠪᠠᠷ ᠨᠡᠮᠡᠭᠳᠡᠬᠦ ᠬᠡᠷᠡᠭᠴᠡᠭᠡ ᠶᠢ ᠬᠠᠩᠭᠠᠬᠤ ᠪᠣᠯᠣᠨ᠎ᠠ᠃ ᠢᠷᠡᠬᠦ ᠵᠢᠯ ᠤᠨ ᠲᠥᠷᠥᠯ | ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠷ᠎ᠡ ᠬᠠᠭᠠᠰ ᠵᠢᠯ ᠪᠣᠯᠲᠠᠯ᠎ᠠ᠂ ᠮᠠᠨ ᠤ ᠬᠤᠲᠠ ᠨᠡᠶᠢᠲᠡ 1400 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ ᠲᠦᠯᠦᠪᠵᠢᠭᠦᠯᠦᠨ ᠨᠥᠭᠡᠴᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 1.8 ᠲᠦᠮᠡᠨ ᠳ᠋ᠦᠩᠰᠢᠭᠤᠷ ᠲᠥᠭᠦᠷᠢᠭ ᠲᠤ | ᠬᠦᠷᠴᠦ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠯ ᠳᠤ ᠰᠢᠨ᠎ᠡ ᠬᠥᠳᠡᠯᠭᠡᠭᠦ ᠬᠦᠴᠦᠨ | ᠨᠡᠮᠡᠷᠢᠯᠡᠪᠡ᠃ | ᠬᠥᠲᠥᠯᠥᠭᠴᠢ᠄ | ᠲᠠᠨ ᠤ ᠶᠠᠷᠢᠶᠠᠨ ᠠᠴᠠ ᠡᠨᠡ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠦᠨᠡᠬᠡᠷ ᠡᠷᠴᠢ ᠬᠦᠴᠦᠲᠡᠢ᠂ ᠪᠠᠶᠢᠷᠢᠰᠢᠭᠤᠯᠤᠯᠲᠠ ᠪᠥᠬᠦ | ᠲᠠᠯ᠎ᠠ ᠶᠢᠨ᠂ ᠣᠨᠴᠠᠯᠢᠭ ᠲᠣᠪᠣᠶᠢᠮ᠎ᠠ ᠪᠠᠶᠢᠬᠤ ᠶᠢ ᠣᠶᠢᠯᠠᠭᠠᠯ᠎ᠠ᠂ ᠲᠡᠭᠡᠪᠡᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠤᠷᠠᠳᠬᠤ ᠳᠤ ᠡᠷᠬᠡᠪᠰᠢ ᠠᠵᠤ | ᠦᠢᠯᠡᠰ ᠤᠨ ᠬᠥᠭᠵᠢᠯᠲᠡ ᠶᠢ ᠶᠠᠷᠢᠬᠤ ᠬᠡᠷᠡᠭᠲᠡᠢ᠂ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠥᠬᠦ | ᠬᠤᠲᠠ ᠳᠤ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ ᠴᠤᠭᠴᠠᠯᠠᠬᠤ ᠬᠡᠷᠡᠭᠲᠡᠢ ᠭᠡᠵᠦ ᠳᠤᠷᠠᠳᠤᠭᠰᠠᠨ ᠪᠠᠶᠢᠨ᠎ᠠ᠂ ᠲᠡᠭᠡᠪᠡᠯ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠡᠨᠡ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖ ᠠᠵᠤ ᠦᠢᠯᠡᠰ ᠤᠨ ᠪᠦᠭᠡᠮᠨᠡᠷᠡᠯ ᠶᠠᠮᠠᠷ ᠰᠢᠨ᠎ᠡ | ᠠᠬᠢᠴᠠ ᠲᠠᠢ ᠪᠣᠯᠤᠭᠰᠠᠨ ᠪᠣᠶ︖ | ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠤᠯᠠᠭᠠᠨ᠄ | | | | | | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠪᠥᠬᠦ ᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠤᠨ | ᠤᠳᠤᠷᠢᠳᠬᠤ ᠳᠤᠭᠤᠶᠢᠯᠠᠩ ᠤᠨ ᠲᠦᠷᠦᠭᠦᠯᠡᠬᠦ ᠨᠢᠭᠡᠴᠡ ᠪᠣᠯᠤᠭᠰᠠᠨ ᠤ ᠬᠤᠪᠢ ᠳᠤ᠂ ᠦᠵᠦ ᠲᠦᠯᠦᠪᠯᠡᠭᠡ ᠶᠢ ᠲᠦᠯᠦᠪᠯᠡᠬᠦ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠵᠦ᠂ ᠲᠣᠬᠢᠷᠠᠭᠤᠯᠬᠤ ᠲᠣᠭᠲᠠᠴᠠ ᠶᠢ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠵᠢᠷᠭᠤᠭᠠᠨ ᠶᠡᠭᠡ ᠠᠵᠤ | ᠦᠢᠯᠡᠰ ᠤᠨ ᠪᠦᠭᠡᠮᠨᠡᠷᠡᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠷᠢᠯᠢᠭ ᠪᠣᠳᠠᠳᠠᠢ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠯᠡᠨ | ᠠᠬᠢᠭᠤᠯᠪᠠ᠃ ᠪᠣᠳᠠᠲᠠᠢ ᠪᠠᠷ ᠬᠡᠯᠡᠪᠡᠯ᠂ ᠭᠤᠣᠯ ᠠᠵᠢᠯ ᠢ ︽ᠲᠠᠪᠤᠨ ᠨᠢᠭᠡ︾ ᠪᠠᠷ ᠬᠤᠷᠢᠶᠠᠩᠭᠤᠶᠢᠯᠠᠵᠤ ᠪᠣᠯᠣᠨ᠎ᠠ᠂ ᠲᠤᠬᠠᠶᠢᠯᠠᠪᠠᠯ ᠨᠢᠭᠡᠨ ᠶᠡᠷᠦᠩᠬᠡᠢ | ᠲᠥᠰᠥᠯ ᠢ ᠲᠣᠭᠲᠠᠭᠠᠵᠤ᠂ ᠨᠢᠭᠡ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠨᠢᠭᠡ ᠢᠵᠢ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠦᠷᠢᠯᠳᠦᠭᠦᠯᠦᠨ᠂ | ᠨᠢᠭᠡ 2022 ᠣᠨ ᠤ ᠠᠵᠢᠯ ᠤᠨ ᠴᠢᠬᠤᠯᠠ ᠵᠦᠢᠯ ᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠨᠢᠭᠡᠨ ᠢᠵᠢ ᠪᠦᠲᠦᠮᠵᠢᠲᠡᠶ ᠲᠣᠬᠢᠷᠠᠭᠤᠯᠬᠤ | ᠲᠣᠭᠲᠠᠴᠠ ᠶᠢ ᠪᠠᠶᠢᠭᠤᠯᠪᠠ᠂ ᠢᠯᠠᠩᠭᠤᠶ᠎ᠠ ︽ᠵᠢᠷᠭᠤᠭᠠᠨ ᠲᠣᠮᠣ ᠠᠵᠤ ᠦᠢᠯᠡᠰ ᠤᠨ ᠪᠦᠭᠡᠮᠨᠡᠷᠡᠯ︾ ᠳᠤ ᠠᠵᠤ ᠦᠢᠯᠡᠰ ᠤᠨ ᠵᠢᠷᠤᠭ ᠢ ᠲᠣᠭᠲᠠᠭᠠᠨ ᠥᠭᠴᠦ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠮᠥᠷᠭᠡ᠂ ᠲᠥᠷᠥᠯ ᠵᠦᠢᠯ ᠤᠨ ᠬᠥᠮᠥᠷᠭᠡ᠂ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠪᠥᠬᠦ ᠬᠤᠲᠠ ᠶᠢᠨ | ᠠᠵᠤ ᠦᠢᠯᠡᠰ ᠤᠨ ᠪᠦᠭᠡᠮᠨᠡᠷᠡᠯ ᠤᠨ ᠲᠣᠭᠤᠷᠢᠨ ᠳᠤ ᠲᠥᠷᠥ ᠶᠢᠨ ᠪᠣᠳᠣᠯᠭ᠎ᠠ ᠲᠣᠭᠲᠠᠭᠠᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠬᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠪᠠ᠃ | ᠡᠭᠦᠨ ᠤ ᠬᠠᠮᠲᠤ᠂ ᠮᠠᠨ ᠤ ᠵᠦᠪᠯᠡᠯ ᠤᠨ ᠲᠦᠷᠦᠭᠦᠯᠡᠨ ᠪᠠᠶᠢᠭᠤᠯᠤᠭᠰᠠᠨ ᠴᠡᠪᠡᠷ ᠡᠨᠧᠷᠭᠢ ᠶᠢᠨ ᠠᠵᠤ ᠦᠢᠯᠡᠰ ᠤᠨ ᠪᠦᠭᠡᠮᠨᠡᠷᠡᠯ ᠳᠤ ᠠᠩᠬᠠᠷᠤᠯ ᠢᠶᠠᠨ | ᠲᠥᠪᠯᠡᠷᠡᠭᠦᠯᠵᠦ᠂ ᠣᠳᠣᠬᠠᠨ ᠳᠤ ᠶᠠᠭ ᠳ᠋ᠠ ᠲᠠᠩ ᠤᠨ 200 ᠲᠦᠮᠡᠨ ᠺᠢᠯᠣᠸᠠᠲ ᠤᠨ ᠴᠠᠬᠢᠯᠭᠠᠨ ᠢ ᠭᠠᠳᠠᠭᠰᠢ ᠬᠦᠷᠭᠡᠬᠦ᠂ ᠦᠴᠦᠸᠠᠨ ᠤ ᠶᠤᠸᠠᠨ ᠵᠢᠩ ᠤᠨ | 40 ᠲᠦᠮᠡᠨ ᠺᠢᠯᠣᠸᠠᠲ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠰᠠᠭᠤᠷᠢᠨ ᠭᠠᠵᠠᠷ᠂ ᠲᠢᠶᠠᠨ ᠨᠧᠩ | ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ ᠢᠨᠵᠧᠨᠧᠷᠢᠩ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ 2022 ᠣᠨ ᠳᠤ ᠬᠠᠭᠠᠰ ᠢ ᠨᠢ ᠲᠣᠣᠷ ᠲᠤ ᠨᠡᠶᠢᠯᠡᠭᠦᠯᠵᠦ᠂ 2023 ᠣᠨ ᠳᠤ ᠪᠦᠬᠦᠨ ᠢ ᠲᠣᠣᠷ ᠲᠤ ᠨᠡᠶᠢᠯᠡᠭᠦᠯᠬᠦ ᠶᠢ | ᠦᠨᠡᠨᠬᠦ ᠪᠠᠲᠤᠯᠠᠵᠤ ᠪᠠᠶᠢᠨ᠎ᠠ᠃ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠳᠤᠮᠳᠠᠳᠤ ᠤᠯᠤᠰ ᠤᠨ | ᠴᠠᠬᠢᠯᠭᠠᠨ ᠬᠦᠴᠦᠨ ᠤ ᠪᠦᠯᠦᠭᠯᠡᠯ ᠤᠨ ᠨᠦᠭᠡᠴᠡᠡᠨᠧᠷᠬᠢ ᠪᠦᠬᠦᠢ ᠬᠠᠮᠲᠤ ᠪᠠᠷ ᠡᠳ᠋ᠯᠡᠬᠦ ᠴᠠᠬᠢᠯᠭᠠᠨ ᠥᠷᠲᠡᠭᠡ᠂ ᠲᠤᠭᠲᠠᠬᠤ ᠴᠢᠩ ᠱᠦᠢ ᠡᠾᠧ ᠤᠨ | ᠬᠦᠷᠢᠶᠡᠯᠡᠩ ᠲᠣᠭᠤᠷᠢᠭ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠣᠷᠤᠯᠠᠭᠤᠯᠤᠯᠲᠠ᠂ ᠵᠦᠩ ᠬᠤᠸᠠᠨ ᠠᠵᠤ ᠦᠢᠯᠡᠰ ᠤᠨ ᠬᠤᠲᠠ ᠶᠢᠨ ᠪᠣᠬᠢᠷᠳᠤᠯ | ᠦᠭᠡᠢ ᠴᠠᠬᠢᠯᠭᠠᠨ ᠬᠦᠴᠦᠨ ᠤ ᠣᠷᠤᠯᠠᠭᠤᠯᠤᠯᠲᠠ ᠵᠡᠷᠭᠡ ᠲᠥᠷᠥᠯ ᠵᠦᠢᠯ ᠢ ᠵᠥᠪᠰᠢᠶᠡᠷᠡᠬᠦ ᠶᠢᠨ ᠬᠠᠮᠲᠤ ᠬᠡᠷᠡᠭᠵᠢᠭᠦᠯᠬᠦ ᠶᠢ ᠢᠳᠡᠪᠬᠢᠲᠡᠢ ᠠᠬᠢᠢᠭᠤᠯᠪᠠ᠃ | ᠬᠥᠬᠡᠬᠤᠲᠠ ᠶᠢᠨ ᠤᠰᠤ ᠲᠠᠲᠠᠵᠤ ᠡᠨᠧᠷᠬᠢ ᠬᠠᠳᠠᠭᠠᠯᠠᠬᠤ ᠬᠤᠶᠠᠳᠤᠭᠠᠷ ᠬᠤᠭᠤᠴᠠᠭ᠎ᠠ ᠶᠢ ᠤᠯᠤᠰ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠡᠷᠡᠭᠵᠢᠭᠦᠯᠬᠦ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠪᠠᠷ ᠴᠢᠷᠮᠠᠶᠢᠵᠤ᠂ ᠬᠥᠬᠡᠬᠤᠲᠠ ᠶᠢᠨ ᠤᠰᠤ | ᠲᠠᠲᠠᠵᠤ ᠡᠨᠧᠷᠬᠢ ᠬᠠᠳᠠᠭᠠᠯᠠᠬᠤ ᠭᠤᠷᠪᠠᠳᠤᠭᠠᠷ ᠬᠤᠭᠤᠴᠠᠭ᠎ᠠ᠂ ᠴᠢᠩ ᠱᠦᠢ ᠾᠧ ᠶᠢᠨ ᠤᠰᠤ ᠲᠠᠲᠠᠵᠤ ᠡᠨᠧᠷᠬᠢ ᠬᠠᠳᠠᠭᠠᠯᠠᠬᠤ ᠲᠦᠷᠦᠯ ᠵᠦᠢᠯ ᠵᠡᠷᠭᠡ ᠶᠢ | ᠢᠳᠡᠪᠬᠢᠲᠡᠢ ᠪᠠᠷ ᠰᠦᠪᠡᠭᠴᠢᠯᠡᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠎ᠡ᠃ | ᠬᠠᠮᠤᠭ ᠤᠨ ᠰᠢᠨ᠎ᠡ ᠲᠣᠬᠢᠷᠠᠭᠤᠯᠤᠯᠲᠠ ᠶᠢ ᠦᠨᠳᠦᠰᠦᠯᠡᠪᠡᠯ᠂ 2022 ᠣᠨ ᠳᠤ ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ ᠤᠨ | ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ 112 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 832.3 ᠳ᠋ᠦᠩᠰᠢᠭᠤᠷ | ᠲᠥᠭᠦᠷᠢᠭ ᠲᠤ ᠬᠦᠷᠴᠦ᠂ ᠵᠢᠱᠢᠯᠲᠡ ᠪᠠᠷ ᠦᠢᠯᠡᠳᠪᠦᠷᠢᠯᠡᠯ ᠢ ᠪᠡᠶᠡᠯᠡᠭᠦᠯᠦᠭᠰᠡᠨ ᠤ ᠳᠠᠷᠠᠭ᠎ᠠ ᠦᠢᠯᠡᠳᠬᠦᠨ ᠤ ᠥᠷᠲᠡᠭ ᠨᠢ 963.85 ᠳ᠋ᠦᠩᠰᠢᠭᠤᠷ | ᠲᠥᠭᠦᠷᠢᠭ ᠲᠤ ᠬᠦᠷᠴᠦ᠂ ᠲᠣᠰ ᠵᠢᠯ ᠳᠤ 233.84 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠬᠦ ᠪᠠᠷ ᠵᠢᠱᠢᠵᠦ᠂ ᠣᠳᠣᠬᠠᠨ ᠳᠤ | 31 ᠨᠢ ᠨᠢᠭᠡᠨᠲᠡ ᠠᠰᠢᠭᠯᠠᠯᠲᠠ ᠳᠤ ᠣᠷᠣᠪᠠ︔244 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ | ᠣᠷᠣᠭᠤᠯᠤᠯᠲᠠ 2136.98 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠵᠢᠯ 233.84 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ᠂ ᠣᠳᠣᠬᠠᠨ ᠳᠤ 172 ᠲᠦᠷᠦᠯ ᠵᠦᠢᠯ ᠢ ᠨᠢᠭᠡᠨᠲᠡ ᠠᠵᠢᠯ ᠡᠬᠢᠯᠡᠭᠦᠯᠦᠨ ᠠᠵᠢᠯ ᠰᠡᠷᠭᠦᠭᠡᠪᠡ︔ ᠳᠡᠭᠡᠷ᠎ᠡ ᠬᠠᠭᠠᠰ ᠵᠢᠯ ᠳᠤ | ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠨᠡᠶᠢᠲᠡ 130 ᠲᠠᠯᠠᠪᠤᠷ ᠤᠳᠠᠭ᠎ᠠ ︵ᠰᠦᠯᠵᠢᠶᠡᠨ ᠳᠡᠭᠡᠷ᠎ᠡ 16 ᠲᠠᠯᠠᠪᠤᠷ ᠤᠳᠠᠭ᠎ᠠ ᠬᠤᠳᠠᠯᠳᠤᠭᠠᠴᠢᠨ ᠣᠷᠢᠵᠣ᠂ | 28 ᠲᠠᠯᠠᠪᠤᠷ ᠤᠳᠠᠭ᠎ᠠ ᠭᠠᠳᠠᠭᠰᠢ ᠭᠠᠷᠴᠤ ᠬᠤᠳᠠᠯᠳᠤᠭᠠᠴᠢᠨ ᠣᠷᠢᠵᠣ᠂ 86 ᠲᠠᠯᠠᠪᠤᠷ ᠤᠳᠠᠭ᠎ᠠ ᠠᠵᠤ ᠠᠬᠤᠶᠢᠯᠠᠯ ᠢ ᠤᠷᠢᠵᠤ ᠬᠥᠬᠡᠬᠤᠲᠠ ᠳᠤ | ᠢᠷᠡᠭᠦᠯᠵᠦ ᠵᠦᠪᠳᠡᠯᠴᠡᠪᠡ︶ ᠥᠷᠨᠢᠭᠦᠯᠵᠦ᠂ 167 ᠠᠵᠤ ᠠᠬᠤᠶᠢᠯᠠᠯ ᠲᠠᠢ ᠵᠣᠯᠭᠠᠭᠤᠯᠵᠤ᠂ ᠣᠳᠣᠬᠠᠨ ᠳᠤ ᠨᠢᠭᠡᠨᠲᠡ ᠭᠡᠷ᠎ᠡ ᠲᠣᠭᠲᠠᠭᠰᠠᠨ 109 ᠲᠥᠷᠥᠯ | ᠵᠦᠢᠯ ᠤᠨ ᠵᠥᠪᠳᠡᠯᠴᠡᠨ ᠲᠣᠭᠲᠠᠭᠰᠠᠨ ᠪᠡᠯᠡ ᠣᠷᠣᠭᠤᠯᠤᠯᠲᠠ 1695.51 ᠳ᠋ᠦᠩᠰᠢᠭᠤᠷ ᠲᠥᠭᠦᠷᠢᠭ ᠲᠤ ᠬᠦᠷᠴᠦ᠂ 58 ᠶᠢ ᠨᠢ ᠨᠢᠭᠡᠨᠲᠡ | ᠪᠤᠳᠠᠳᠠᠶᠢᠵᠢᠭᠤᠯᠪᠠ᠃ | ᠬᠥᠲᠥᠯᠥᠭᠴᠢ᠄ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠲᠤᠬᠠᠢ ᠲᠠᠨᠢᠯᠴᠠᠭᠤᠯᠭ᠎ᠠ ᠶᠢ ᠰᠣᠨᠣᠰᠤᠭᠠᠳ᠂ ᠪᠢᠳᠡ | ᠬᠥᠬᠡᠬᠤᠲᠠ ᠶᠢᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ᠃ ᠲᠡᠭᠡᠪᠡᠯ ᠳᠣᠣᠷ᠎ᠠ ᠬᠠᠭᠠᠰ ᠵᠢᠯ ᠳᠤ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠪᠥᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ | ᠠᠵᠢᠯ ᠢ ᠲᠦᠯᠬᠢᠨ ᠠᠬᠢᠭᠤᠯᠬᠤ ᠪᠠᠷ ᠪᠠᠶᠢᠨ᠎ᠠ︖ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠽᠧᠩ ᠯᠢᠩ | ᠰᠢᠨ᠄ | ᠪᠥᠬᠦ ᠬᠤᠲᠠ ᠶᠢᠨ ᠠᠵᠤ ᠠᠬᠤᠢ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡ ᠦᠷᠭᠦᠯᠵᠢᠯᠡᠨ ᠢᠲᠡᠭᠡᠯ ᠵᠣᠷᠢᠭ ᠢᠶᠠᠨ | ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠴᠢᠩᠭ᠎ᠠ ᠠᠳᠬᠤᠨ ᠲᠦᠷᠭᠡᠨ ᠠᠵᠢᠯᠯᠠᠨ᠎ᠠ᠃ | ᠨᠢᠭᠡ ᠳᠤ ᠨᠡᠮᠡᠭᠳᠡᠯ ᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ︽ᠴᠢᠩᠭᠠᠳᠬᠠᠨ᠎ᠠ︾᠃ ᠨᠢᠭᠡ ᠲᠠᠯ᠎ᠠ ᠪᠠᠷ᠂ | ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ︽ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ 33 ᠵᠦᠢᠯ︾ ︽ᠥᠪᠡᠷᠲᠡᠭᠡᠨ ᠵᠠᠰᠠᠬᠤ ᠣᠷᠣᠨ ᠤ | ᠠᠵᠤ ᠠᠬᠤᠢ ᠶᠢ ᠲᠣᠭᠲᠠᠪᠤᠷᠢᠵᠢᠭᠤᠯᠬᠤ 40 ᠵᠦᠢᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠷᠣᠨ ᠤ ᠲᠥᠪ ᠲᠤ ᠪᠥᠬᠦ | ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ︔ ᠨᠥᠭᠦᠭᠡ ᠲᠠᠯ᠎ᠠ ᠪᠠᠷ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠨᠡ ᠵᠢᠯ ᠤᠨ | ᠮᠠᠨ ᠤ ᠬᠤᠲᠠ ᠶᠢᠨ ᠲᠣᠭᠲᠠᠭᠠᠵᠤ ᠨᠡᠶᠢᠲᠡᠯᠡᠭᠰᠡᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠪᠤᠳᠠᠳᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠨᠢ ᠲᠣᠬᠢᠷᠠᠭᠤᠯᠤᠨ ᠦᠨᠡᠯᠡᠨ ᠵᠢᠱᠢᠵᠦ᠂ ᠲᠥᠷᠥ ᠶᠢᠨ ᠪᠣᠳᠣᠯᠭ᠎ᠠ ᠶᠢᠨ ᠠᠰᠢᠭ | ᠲᠤᠰᠠ ᠶᠢ ᠭᠦᠢᠴᠡᠳ ᠪᠠᠳᠠᠷᠠᠭᠤᠯᠤᠨ᠂ ᠠᠵᠤ ᠠᠬᠤᠢ ᠶᠢᠨ ᠲᠣᠭᠲᠠᠭᠤᠨ ᠢ ᠪᠠᠲᠤᠯᠠᠨ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠪᠥᠬᠦ | ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠬᠤᠶᠠᠷ ᠲᠤ ᠠᠵᠤ ᠠᠬᠤᠢ ᠶᠢᠨ ᠠᠵᠢᠯᠯᠠᠭᠠᠨ ᠢ ᠵᠠᠳᠠᠯᠤᠨ ᠲᠣᠬᠢᠷᠠᠭᠤᠯᠬᠤ ︽ᠨᠢᠭᠲᠠ︾ ᠪᠣᠯᠭᠠᠨ᠎ᠠ᠃ ᠪᠥᠬᠦ ᠵᠢᠯ ᠤᠨ ᠬᠠᠷᠠᠯᠲᠠ ᠡᠭᠦᠷᠭᠡ ᠶᠢᠨ | ᠲᠣᠭᠤᠷᠢᠨ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠠᠵᠤ ᠠᠬᠤᠶᠢᠯᠠᠯ᠂ ᠠᠷᠠᠯᠵᠢᠶ᠎ᠠ | ᠬᠤᠳᠠᠯᠳᠤᠭᠠᠨ ᠤ ᠭᠤᠣᠯᠳᠠᠯᠭ᠎ᠠ ᠲᠠᠢ ᠠᠵᠤ ᠠᠬᠤᠶᠢᠯᠠᠯ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠨᠢᠭᠲᠠ ᠲᠣᠬᠢᠷᠠᠭᠤᠯᠤᠨ ᠵᠠᠳᠠᠯᠬᠤ | ᠠᠵᠢᠯ ᠢ ᠥᠷᠨᠢᠭᠦᠯᠵᠦ᠂ ︽ᠡᠳᠦᠷ ᠢᠶᠠᠷ ᠬᠢᠨᠠᠨ ᠬᠡᠮᠵᠢᠵᠦ᠂ ᠭᠠᠷᠠᠭ ᠢᠶᠠᠷ ᠲᠣᠬᠢᠷᠠᠭᠤᠯᠤᠨ᠂ ᠰᠠᠷ᠎ᠠ ᠪᠠᠷ ᠮᠡᠳᠡᠭᠡᠯᠡᠬᠦ︾ ᠳᠦᠷᠢᠮ ᠢ ᠪᠠᠶᠢᠩᠭᠤᠵᠢᠭᠤᠯᠤᠨ | ᠨᠠᠶᠢᠳᠠᠪᠤᠷᠢᠵᠢᠭᠤᠯᠵᠤ᠂ ︽ᠲᠣᠭᠲᠠᠭᠤᠨ ᠪᠠᠶᠢᠯᠭᠠᠬᠤ︾ ᠰᠠᠭᠤᠷᠢ᠂ ︽ᠤᠷᠤᠭᠰᠢᠯᠠᠬᠤ︾ ᠬᠥᠳᠡᠯᠭᠡᠭᠦ ᠬᠦᠴᠦᠨ ᠢ ᠲᠠᠰᠤᠷᠠᠯᠲᠠ ᠦᠭᠡᠢ ᠪᠠᠲᠤᠳᠬᠠᠨ᠎ᠠ᠃ | ᠭᠤᠷᠪᠠ ᠳᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ᠲᠦᠷᠭᠡᠳᠬᠡᠨ᠎ᠡ︾᠃ ᠡᠭᠦᠨ ᠳᠤ ᠭᠤᠣᠯᠳᠠᠭᠤ ᠲᠦᠷᠦᠯ ᠵᠦᠢᠯ ᠢ | ᠳᠠᠶᠢᠴᠢᠯᠠᠬᠤ᠂ ᠪᠡᠯᠡ ᠣᠷᠣᠭᠤᠯᠤᠯᠲᠠ ᠶᠢ ᠳᠠᠶᠢᠴᠢᠯᠠᠬᠤ ᠦᠢᠯᠡᠳᠦᠯ ᠢ ᠬᠦᠴᠦᠲᠡᠢ ᠪᠠᠳᠠᠷᠠᠭᠤᠯᠬᠤ ᠪᠠᠳᠠᠷᠠᠭᠤᠯᠤᠨ᠎ᠠ᠃ ᠨᠢᠭᠡ ᠲᠠᠯ᠎ᠠ ᠪᠠᠷ᠂ ᠪᠠᠶᠢᠭᠤᠯᠵᠤ ᠪᠠᠶᠢᠭ᠎ᠠ | 1042 ᠭᠤᠣᠯᠳᠠᠯᠭ᠎ᠠ ᠲᠠᠢ ᠲᠥᠷᠥᠯ ᠵᠦᠢᠯ ᠤᠨ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠵᠦ᠂ 8᠂ 9᠂ 10 ᠳ᠋ᠤᠭᠠᠷ ᠰᠠᠷ᠎ᠠ ᠶᠢᠨ ᠪᠦᠲᠦᠭᠡᠨ | ᠪᠠᠶᠢᠭᠤᠯᠤᠯᠲᠠ ᠶᠢᠨ ᠰᠢᠵᠢᠷ ᠠᠯᠲᠠᠨ ᠬᠤᠭᠤᠴᠠᠭ᠎ᠠ ᠶᠢ ᠠᠳᠬᠤᠨ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠪᠡᠯᠡ ᠣᠷᠣᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠢᠯᠠᠩᠭᠤᠶ᠎ᠠ ᠡᠨᠡ ᠵᠢᠯ ᠳᠠᠭᠤᠰᠬᠠᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠴᠤ᠂ ᠪᠥᠬᠦ | ᠬᠦᠴᠦᠨ ᠢᠶᠠᠷ ᠢᠶᠠᠨ ᠳᠡᠮᠵᠢᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ︔ ᠨᠥᠭᠦᠭᠡ | ᠲᠠᠯ᠎ᠠ ᠪᠠᠷ᠂ ᠪᠠᠶᠢᠭᠤᠯᠬᠤ ᠪᠠᠷ ᠪᠠᠶᠢᠭ᠎ᠠ ︽ ᠵᠣᠬᠢᠰᠲᠠᠢ ᠤᠷᠢᠳᠴᠢᠯᠠᠨ ᠪᠠᠶᠢᠷᠢᠯᠠᠭᠤᠯᠤᠭᠰᠠᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ︾ ︽ᠲᠥᠷᠥ ᠶᠢᠨ | ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠪᠠᠷ ᠳᠡᠮᠵᠢᠬᠦ ᠲᠥᠷᠥᠯ ᠵᠦᠢᠯ︾ ᠢ ᠤᠷᠢᠳᠴᠢᠯᠠᠨ | ᠪᠠᠶᠢᠷᠢᠰᠢᠭᠤᠯᠬᠤ ᠶᠢ ᠰᠠᠶᠢᠲᠤᠷ ᠬᠢᠵᠦ᠂ ᠰᠤᠳᠤᠯᠤᠨ ᠨᠠᠶᠢᠷᠠᠭᠤᠯᠵᠤ ᠪᠣᠯᠬᠤ᠂ ᠭᠠᠷᠳᠠᠮ ᠢ ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠬᠡᠨ᠂ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ | ᠳᠥᠷᠪᠡ ᠳᠤ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢ ︽ᠴᠢᠩᠭᠠᠷᠠᠭᠤᠯᠤᠨ᠎ᠠ︾᠃ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ | ᠮᠥᠩᠭᠦ ᠪᠠᠷ ᠳᠡᠮᠵᠢᠬᠦ ᠴᠢᠭᠯᠡᠯ ᠳᠤ ᠨᠡᠶᠢᠴᠡᠬᠦ ᠲᠥᠷᠥᠯ ᠵᠦᠢᠯ ᠳᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠵᠣᠯᠭᠠᠭᠤᠯᠬᠤ᠂ ᠪᠡᠯᠡ ᠮᠥᠩᠭᠦ ᠶᠢᠨ | ᠣᠷᠣᠭᠤᠯᠤᠯᠲᠠ ᠶᠢᠨ ᠬᠠᠨᠳᠤᠰᠢ ᠶᠢ ᠵᠣᠬᠢᠴᠠᠭᠤᠯᠬᠤ ᠲᠠᠯ᠎ᠠ ᠪᠠᠷ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠲᠥᠷᠥᠯ ᠵᠦᠢᠯ ᠢ ᠪᠣᠭᠤᠳᠠᠯᠯᠠᠬᠤ᠂ | ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠰᠠᠶᠢᠲᠤᠷ ᠬᠠᠪᠰᠤᠷᠤᠨ ᠵᠢᠯᠤᠭᠤᠳᠴᠤ᠂ ᠲᠥᠰᠥᠪ ᠤᠨ ᠳᠣᠲᠣᠷᠠᠬᠢ ᠪᠡᠯᠡ | ᠮᠥᠩᠭᠦ᠂ ᠲᠤᠰᠬᠠᠢ ᠵᠦᠢᠯ ᠤᠨ ᠵᠢᠭᠡᠯᠡᠯᠭᠡ᠂ ᠵᠢᠭᠡᠯᠡᠯᠭᠡ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠮ ᠬᠦᠦ ᠵᠡᠷᠭᠡ ᠪᠡᠯᠡ ᠮᠥᠩᠭᠦ ᠶᠢ ᠣᠯᠬᠤ ᠵᠠᠮ ᠢ | ᠨᠡᠪᠲᠡᠷᠡᠭᠦᠯᠦᠨ᠎ᠡ︔ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠬᠦ ᠲᠥᠷᠥᠯ ᠵᠦᠢᠯ ᠢ ᠭᠦᠨᠵᠡᠭᠡᠢ ᠨᠡᠪᠲᠡᠷᠡᠯᠴᠡᠨ ᠵᠣᠯᠭᠠᠭᠤᠯᠵᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠤᠨ᠂ ᠲᠥᠷᠥᠯ ᠵᠦᠢᠯ ᠤᠨ ᠡᠨᠧᠷᠭᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠬᠢᠵᠢᠭ ᠢ | ᠰᠡᠷᠭᠡᠶᠢᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠥᠷᠥᠯ ᠵᠦᠢᠯ ᠢ ᠪᠥᠬᠦ ᠴᠢᠳᠠᠯ ᠢᠶᠠᠷ ᠠᠬᠢᠭᠤᠯᠵᠤ᠂ ᠠᠵᠤ | ᠠᠬᠤᠶᠢᠯᠠᠯ ᠢ ᠳᠦᠭᠦᠷᠡᠩ ᠳᠠᠭᠠᠭᠠᠴᠠ ᠲᠠᠢ ᠠᠵᠢᠯᠯᠠᠭᠤᠯᠤᠨ᠎ᠠ᠃ | ᠬᠠᠮᠢᠶᠠᠷᠤᠭᠴᠢ᠄ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ ᠲᠥᠪ ᠤᠨ ᠽᠧᠩ ᠯᠢᠩ ᠰᠢᠨ | ᠡᠷᠬᠢᠯᠡᠭᠴᠢ᠂ ᠠᠵᠤ ᠠᠬᠤᠢ ᠶᠢᠨ ᠰᠤᠳᠤᠯᠭᠠᠨ ᠤ ᠲᠥᠪ ᠤᠨ ᠯᠢ ᠪᠢᠨ ᠳᠡᠳ᠋ ᠡᠷᠬᠢᠯᠡᠭᠴᠢ ᠂ ᠠᠵᠤ ᠠᠬᠤᠢ ᠶᠢᠨ ᠰᠤᠳᠤᠯᠭᠠᠨ ᠤ ᠲᠥᠪ ᠤᠨ ᠤᠯᠠᠭᠠᠨ ᠳᠡᠳ᠋ | ᠡᠷᠬᠢᠯᠡᠭᠴᠢ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ ᠲᠣᠰ ᠬᠤᠭᠤᠴᠠᠭᠠᠨ ᠤ | ᠰᠣᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠯᠠᠯ᠎ᠠ᠃ | | |